ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/12
    6 ᠰᠠᠷ᠎ᠠ ᠶᠢᠨ 10 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠠᠴᠠ ︽ᠦᠨᠡᠨ︾ ᠰᠡᠳᠬᠦᠯ ᠤᠨ 10 ᠳ᠋ᠤᠭᠠᠷ ᠬᠤᠭᠤᠴᠠᠭᠠᠨ ᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠦᠨ ᠳᠠᠭᠠᠭᠤᠯᠬᠤ︾ ᠵᠡᠷᠭᠡ ᠶᠢ ᠤᠯᠠᠮᠵᠢᠯᠠᠨ ᠰᠤᠷᠤᠯᠴᠠᠪᠠ︔ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠰᠡᠨ ᠪᠥᠭᠡᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠲᠤᠬᠠᠶ ᠬᠤᠯᠪᠣᠭᠳᠠᠯ ᠪᠦᠬᠦᠢ ᠱᠠᠭᠠᠷᠳᠠᠯᠭ᠎ᠠ ᠶᠢ ᠰᠤᠷᠤᠯᠴᠠᠨ ᠣᠶᠢᠯᠠᠭᠠᠬᠤ ᠶᠢᠨ ᠲᠣᠭᠤᠷᠢᠨ ᠳᠤ ᠲᠣᠰ ᠪᠡᠶ᠎ᠡ ᠶᠢᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠭᠦᠸᠧ ᠢ ᠵᠢᠶᠧ ᠬᠡᠯᠡᠭᠰᠡᠨ ᠨᠢ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠴᠢᠬᠤᠯᠠ ᠴᠢᠨᠠᠷ ᠢ ᠭᠦᠨᠵᠡᠭᠡᠶ ᠣᠶᠢᠯᠠᠭᠠᠵᠤ᠂ ᠪᠥᠬᠦ ᠲᠤᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠲᠦᠷᠢᠮ ᠠᠴᠠ ᠵᠥᠷᠢᠴᠡᠨ ᠢᠳᠡᠵᠦ ᠤᠤᠭᠤᠬᠤ ᠠᠵᠢᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠤᠯᠤᠰ ᠲᠥᠷᠥ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠷᠬᠠᠭ ᠭᠡᠮ ᠢ ᠡᠷᠡᠰ ᠵᠠᠯᠠᠷᠠᠭᠤᠯᠤᠨ ᠵᠠᠰᠠᠵᠤ᠂ ᠲᠠᠨᠢᠯᠲᠠ ᠪᠠᠨ ᠭᠦᠨᠵᠡᠭᠡᠶᠢᠷᠡᠭᠦᠯᠬᠦ ᠳᠡᠭᠡᠷ᠎ᠡ ᠬᠦᠴᠦ ᠲᠠᠯᠪᠢᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠵᠡᠷᠭᠡ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠢ ᠭᠦᠨᠵᠡᠭᠡᠢ ᠰᠤᠷᠤᠯᠴᠠᠭᠤᠯᠵᠤ᠂ ᠦᠵᠡᠯ ᠰᠠᠨᠠᠭᠠᠨ ᠤ ᠬᠥᠮᠦᠵᠢᠯ ᠢ ᠪᠦᠬᠦᠨ ᠢ ᠪᠦᠷᠬᠦᠬᠦᠯᠬᠦ ᠬᠡᠷᠡᠭᠲᠡᠢ᠃ ︽ᠨᠢᠭᠡ ᠰᠢᠷᠡᠭᠡ ᠬᠤᠭᠤᠯᠠ︾᠂ ︽ᠲᠦᠷᠭᠡᠨ ᠬᠦᠷᠭᠡᠯᠲᠡ ᠪᠠᠷ ᠪᠡᠯᠡᠭ ᠬᠦᠷᠭᠡᠬᠦ︾ ᠵᠡᠷᠭᠡ ᠳᠠᠯᠳᠠ ᠬᠤᠪᠢᠷᠠᠯᠲᠠ ᠶᠢᠨ ᠠᠵᠢᠯᠯᠠᠭ᠎ᠠ ᠶᠢ ᠡᠷᠡᠰ ᠵᠠᠯᠠᠷᠠᠭᠤᠯᠤᠨ ᠵᠠᠰᠠᠵᠤ᠂ ᠨᠠᠶᠢᠷ ᠲᠠᠯ᠎ᠠ ᠶᠢᠨ ᠶᠠᠪᠤᠯᠴᠠᠭ᠎ᠠ ᠶᠢᠨ ᠠᠷᠤ ᠳᠠᠬᠢ ᠢᠯᠵᠠᠷᠡᠯ ᠢ ᠠᠷᠢᠯᠭᠠᠬᠤ ᠬᠡᠷᠡᠭᠲᠡᠢ᠃ ᠲᠦᠷᠢᠮ ᠲᠣᠭᠲᠠᠭᠠᠯ ᠲᠣᠭᠲᠠᠭᠠᠬᠤ ᠳᠡᠭᠡᠷ᠎ᠡ ᠬᠦᠴᠦ ᠲᠠᠯᠪᠢᠵᠤ᠂ ᠲᠦᠷᠢᠮ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠲᠣᠭᠤᠷᠢᠨ ᠳᠤ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠬᠡᠷᠡᠭ ᠢᠶᠠᠷ ᠵᠠᠰᠠᠬᠤ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠡᠯ᠎ᠡ ᠨᠢᠭᠡᠴᠢ ᠶᠢᠨ ᠲᠦᠷᠢᠮ ᠤᠨ ᠲᠠᠯ᠎ᠠ ᠪᠠᠷ ᠬᠢ ᠳᠤᠲᠠᠭᠤᠳᠠᠯ ᠢ ᠭᠦᠨᠵᠡᠭᠡᠶ ᠡᠷᠢᠬᠦ ᠪᠠ ᠨᠥᠬᠦᠪᠥᠷᠢᠯᠡᠬᠦ ᠶᠢ ᠠᠬᠢᠭᠤᠯᠵᠤ᠂ ᠨᠢᠭᠡ ᠪᠦᠯᠦᠭ ᠪᠦᠲᠦᠮᠵᠢᠲᠡᠶ ᠪᠥᠭᠡᠳ ᠲᠤᠰᠠᠲᠠᠶ ᠲᠦᠷᠢᠮ ᠤᠨ ᠦᠷ᠎ᠡ ᠪᠦᠲᠦᠭᠡᠯ ᠢ ᠪᠦᠷᠢᠯᠳᠦᠭᠦᠯᠵᠦ᠂ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠵᠤ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号