ᠪᠢᠨ ᠾᠧ ᠬᠠᠤᠯᠢ ᠴᠠᠭᠠᠵᠠ ᠶᠢᠨ ᠭᠠᠵᠠᠷ ᠠᠷᠠᠳ ᠤᠨ ᠡᠶᠡᠳᠡᠭᠦᠯᠦᠭᠴᠢ ᠶᠢᠨ ᠪᠣᠯᠪᠠᠰᠤᠷᠠᠯ ᠥᠷᠨᠢᠭᠦᠯᠵᠦ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/6/17
    ᠠᠷᠠᠳ ᠤᠨ ᠡᠶᠡᠳᠡᠭᠦᠯᠦᠭᠴᠢ ᠶᠢᠨ ᠲᠤᠰᠬᠠᠶ ᠮᠡᠷᠭᠡᠵᠢᠯ ᠤᠨ ᠴᠢᠳᠠᠪᠤᠷᠢ ᠪᠠ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠪᠢᠨ ᠾᠧ ᠬᠠᠤᠯᠢ ᠴᠠᠭᠠᠵᠠ ᠶᠢᠨ ᠭᠠᠵᠠᠷ ᠣᠶᠢᠷ᠎ᠠ ᠳᠤ ᠰᠢᠰᠲ᠋ᠧᠮᠲᠦ ᠴᠢᠨᠠᠷᠲᠠᠶ ᠠᠷᠠᠳ ᠤᠨ ᠡᠶᠡᠳᠡᠭᠦᠯᠦᠭᠴᠢ ᠶᠢᠨ ᠲᠤᠰᠬᠠᠶ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠲᠣᠰ ᠤᠳᠠᠭᠠᠨ ᠤ ᠪᠣᠯᠪᠠᠰᠤᠷᠠᠭᠤᠯᠤᠯ ᠨᠢ ︽ᠣᠨᠣᠯ + ᠦᠢᠯᠡᠳᠦᠯᠭᠡ︾ ᠪᠠᠷ ᠭᠤᠤᠯ ᠪᠣᠯᠭᠠᠵᠤ᠂ ᠬᠠᠤᠯᠢ ᠴᠠᠭᠠᠵᠠ ᠶᠢᠨ ᠮᠡᠳᠡᠯᠭᠡ᠂ ᠡᠶᠡᠳᠡᠭᠦᠯᠬᠦ ᠤᠷ᠎ᠠ ᠮᠡᠷᠭᠡᠵᠢᠯ᠂ ᠬᠡᠷᠡᠭ ᠤᠨ ᠵᠢᠱᠢᠶ᠎ᠡ ᠶᠢ ᠵᠠᠳᠠᠯᠬᠤ ᠵᠢᠴᠢ ᠪᠣᠳᠠᠲᠠᠶ ᠠᠵᠢᠯᠯᠠᠭᠠᠨ ᠤ ᠴᠢᠳᠠᠪᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ ᠡᠶᠡᠳᠡᠭᠦᠯᠬᠦ ᠡᠩᠨᠡᠭᠡ ᠶᠢ ᠪᠠᠶᠢᠭᠤᠯᠵᠤ᠂ ᠬᠠᠤᠯᠢ ᠶᠣᠰᠣᠭᠠᠷ ᠵᠠᠰᠠᠬᠤ ᠪᠠ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠦᠴᠦᠨ  ᠨᠡᠮᠡᠷᠢᠯᠡᠭᠦᠯᠤᠨ᠎ᠡ᠃
45697.png   
    ᠨᠢᠭᠡ᠂ ᠪᠣᠯᠪᠠᠰᠤᠷᠠᠭᠤᠯᠤᠯ ᠤᠨ ᠬᠠᠷᠠᠯᠲᠠ ᠬᠢᠭᠡᠳ ᠠᠭᠤᠯᠭ᠎ᠠ    1. ᠬᠠᠷᠠᠯᠲᠠ᠄ ᠡᠶᠡᠳᠡᠭᠦᠯᠦᠭᠴᠢ ᠶᠢᠨ ᠬᠠᠤᠯᠢ ᠴᠠᠭᠠᠵᠠ ᠶᠢᠨ ᠬᠡᠷᠡᠭᠯᠡᠭᠡᠨ ᠤ ᠴᠢᠳᠠᠪᠤᠷᠢ᠂ ᠨᠡᠪᠲᠡᠷᠡᠯᠴᠡᠬᠦ ᠤᠷ᠎ᠠ ᠮᠡᠷᠭᠡᠵᠢᠯ ᠪᠠ ᠵᠥᠷᠢᠴᠡᠯ ᠢ ᠠᠷᠢᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠭᠤᠣᠯ ᠬᠠᠷᠠᠯᠲᠠ ᠪᠣᠯᠭᠠᠵᠤ᠂ ᠡᠶᠡᠳᠡᠭᠦᠯᠦᠭᠴᠢ ᠶᠢᠨ ᠬᠠᠤᠯᠢ ᠴᠠᠭᠠᠵᠠ ᠶᠢᠨ ᠮᠡᠳᠡᠯᠭᠡ ᠬᠦᠷᠦᠯᠴᠡᠬᠦ ᠦᠭᠡᠢ᠂ ᠨᠠᠷᠢᠨ ᠪᠤᠳᠤᠯᠢᠶᠠᠨᠲᠠᠢ ᠬᠡᠷᠡᠭ ᠢ ᠰᠢᠢᠳᠪᠦᠷᠢᠯᠡᠬᠦ ᠢᠲᠡᠭᠡᠯ ᠬᠦᠷᠦᠯᠴᠡᠬᠦ ᠦᠭᠡᠢ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃    2. ᠠᠭᠤᠯᠭ᠎ᠠ ᠪᠦᠬᠦ ᠲᠠᠯ᠎ᠠ ᠪᠠᠷ᠄    ᠬᠠᠤᠯᠢ ᠴᠠᠭᠠᠵᠠ ᠶᠢᠨ ᠮᠡᠳᠡᠯᠭᠡ᠄ ︽ᠢᠷᠭᠡᠨ ᠤ ᠬᠠᠤᠯᠢ ᠶᠢᠨ ᠪᠢᠴᠢᠭ︾᠂ ︽ᠠᠷᠠᠳ ᠤᠨ ᠡᠶᠡᠳᠡᠭᠦᠯᠭᠡ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠰᠢᠰᠲ᠋ᠧᠮ ᠲᠠᠢ ᠲᠠᠶᠢᠯᠪᠤᠷᠢᠯᠠᠵᠤ᠂ ᠪᠠᠶᠢᠩᠭᠤ ᠲᠣᠬᠢᠶᠠᠯᠳᠤᠳᠠᠭ ᠤᠷᠤᠭ ᠭᠡᠷ ᠪᠦᠯᠢ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠬᠥᠳᠡᠯᠮᠦᠷᠢ ᠦᠢᠯᠡᠴᠢᠯᠡᠭᠡᠨ ᠤ ᠵᠢᠭᠤᠷᠠᠯᠳᠤᠭᠠᠨ ᠵᠡᠷᠭᠡ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠦᠨᠵᠡᠭᠡᠶ ᠣᠶᠢᠯᠠᠭᠠᠪᠠ᠃    ᠡᠶᠡᠳᠡᠭᠦᠯᠬᠦ ᠤᠷ᠎ᠠ ᠮᠡᠷᠭᠡᠵᠢᠯ᠄ ᠬᠠᠷᠢᠯᠴᠠᠨ ᠦᠢᠯᠡᠳᠦᠯᠴᠡᠵᠦ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠪᠲᠡᠷᠡᠯᠴᠡᠬᠦ ᠤᠷ᠎ᠠ ᠮᠡᠷᠭᠡᠵᠢᠯ᠂ ᠰᠡᠳᠬᠢᠴᠡ ᠶᠢᠨ ᠵᠢᠯᠣᠭᠤᠳᠣᠯᠭ᠎ᠠ ᠵᠢᠴᠢ ᠮᠥᠷᠭᠦᠯᠳᠦᠭᠡᠨ ᠢ ᠬᠠᠮᠢᠶᠠᠷᠬᠤ ᠴᠢᠳᠠᠪᠤᠷᠢ ᠶᠢ ᠴᠢᠩᠭᠠᠷᠠᠭᠤᠯᠤᠨ᠎ᠠ᠃    ᠬᠡᠷᠡᠭ ᠤᠨ ᠵᠢᠱᠢᠶ᠎ᠠ᠄ ᠪᠢᠨ ᠾᠧ ᠵᠡᠭᠡᠯᠢ ᠭᠤᠳᠤᠮᠵᠢ ᠶᠢᠨ ᠣᠶᠢᠷ᠎ᠠ ᠶᠢᠨ ᠵᠢᠯ ᠳᠤ ᠡᠶᠡᠳᠡᠭᠦᠯᠦᠭᠰᠡᠨ ᠨᠡᠶᠢᠲᠡᠯᠢᠭ ᠬᠡᠷᠡᠭ ᠂ ᠵᠢᠱᠢᠶᠡᠯᠡᠪᠡᠯ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠢ ᠡᠶᠡᠳᠡᠭᠦᠯᠬᠦ ᠵᠡᠷᠭᠡ ᠶᠢ ᠵᠠᠳᠠᠯᠵᠤ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠨ᠎ᠡ᠃    ᠪᠣᠳᠠᠲᠤ ᠰᠤᠷᠭᠠᠭᠤᠯᠢᠯᠠᠯ᠄ ᠨᠡᠷ᠎ᠡ ᠲᠥᠷᠥ ᠲᠠᠢ ᠡᠶᠡᠳᠡᠭᠦᠯᠦᠭᠴᠢ ᠠᠴᠠ ᠲᠤᠬᠠᠶ ᠶᠢᠨ ᠲᠠᠯᠠᠪᠤᠷ ᠲᠤᠨᠢ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠬᠡᠯᠡᠯᠴᠡᠭᠡᠷ ᠲᠣᠭᠲᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃    ᠬᠤᠶᠠᠷ᠂ ᠦᠷ᠎ᠡ ᠪᠦᠲᠦᠮᠵᠢ ᠬᠢᠭᠡᠳ ᠲᠣᠭᠲᠠᠴᠠ ᠶᠢᠨ ᠪᠠᠲᠤᠯᠠᠭ᠎ᠠ    1. ᠢᠯᠡᠳᠲᠡ ᠦᠷ᠎ᠡ ᠪᠦᠲᠦᠮᠵᠢ᠄ ᠪᠣᠯᠪᠠᠰᠤᠷᠠᠭᠤᠯᠤᠯ ᠤᠨ ᠳᠠᠷᠠᠭ᠎ᠠ᠂ ᠡᠶᠡᠳᠡᠭᠦᠯᠦᠭᠴᠢ ᠣᠯᠠᠨ ᠪᠤᠳᠤᠯᠢᠶᠠᠨᠲᠠᠶ ᠵᠢᠭᠤᠷᠠᠯᠳᠤᠭᠠᠨ ᠢ ᠠᠮᠵᠢᠯᠲᠠᠲᠠᠶ  ᠰᠢᠢᠤᠡᠪᠤᠷᠢᠯᠡᠵᠤ᠂ ᠪᠣᠯᠪᠠᠰᠤᠷᠠᠭᠤᠯᠤᠯ ᠤᠨ ᠰᠣᠷᠣᠭᠰᠠᠨ ᠤᠷ᠎ᠠ ᠮᠡᠷᠭᠡᠵᠢᠯ ᠢᠶᠠᠷ ᠳᠠᠮᠵᠢᠭᠤᠯᠤᠨ᠂ ᠤᠷᠤᠭ ᠤᠨ ᠬᠡᠷ ᠪᠦᠯᠢ ᠶᠢᠨ ᠵᠥᠷᠢᠴᠡᠯ ᠢ ᠥᠨᠳᠥᠷ ᠪᠦᠲᠦᠮᠵᠢᠲᠡᠶ ᠪᠠᠷ ᠰᠢᠢᠤᠡᠪᠤᠷᠢᠯᠡᠵᠤ᠂ ᠵᠥᠷᠢᠴᠡᠯ ᠬᠤᠷᠴᠠᠳᠬᠤ ᠠᠴᠠ ᠵᠠᠶᠢᠯᠠᠰᠬᠢᠪᠠ᠃    2. ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ᠄    ᠲᠣᠭᠲᠠᠮᠠᠯ ᠬᠤᠭᠤᠴᠠᠭ᠎ᠠ ᠲᠠᠢ ᠪᠠᠷ ᠳᠠᠪᠲᠠᠨ ᠪᠣᠯᠪᠠᠰᠤᠷᠠᠭᠤᠯᠬᠤ᠄ ᠵᠢᠯ ᠪᠦᠷᠢ ᠳᠠᠪᠲᠠᠨ ᠪᠣᠯᠪᠠᠰᠤᠷᠠᠬᠤ ᠶᠢ ᠵᠣᠬᠢᠶᠠᠨ ᠪᠠᠶᠢᠭᠤᠯᠵᠤ᠂ ᠬᠠᠤᠯᠢ ᠴᠠᠭᠠᠵᠠ ᠲᠥᠷᠥ ᠶᠢᠨ ᠪᠣᠳᠣᠯᠭ᠎ᠠ ᠬᠢᠭᠡᠳ ᠡᠶᠡᠳᠡᠭᠦᠯᠬᠦ ᠠᠷᠭ᠎ᠠ ᠶᠢ ᠰᠢᠨᠡᠳᠬᠡᠨ᠎ᠡ᠃    ᠰᠦᠯᠵᠢᠶᠡᠨ ᠳᠡᠭᠡᠷᠡᠬᠢ ᠨᠡᠶᠢᠭᠡᠮ ᠲᠣᠭᠤᠷᠢᠭ᠄ ᠡᠶᠡᠳᠡᠭᠦᠯᠦᠭᠴᠢ ᠶᠢᠨ ᠰᠣᠯᠢᠯᠴᠠᠭᠠᠨ ᠤ ᠰᠦᠷᠦᠭᠵᠢᠯ ᠢ ᠪᠠᠶᠢᠭᠤᠯᠵᠤ᠂ ᠬᠡᠷᠡᠭ ᠤᠨ ᠵᠢᠱᠢᠶ᠎ᠡ ᠪᠠ ᠲᠤᠷᠰᠢᠯᠭ᠎ᠠ ᠶᠢ ᠬᠤᠪᠢᠶᠠᠯᠴᠠᠨ᠂ ︽ᠠᠰᠠᠭᠤᠳᠠᠯ ᠢ ᠬᠠᠮᠲᠤ ᠪᠠᠷ ᠵᠥᠪᠳᠡᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ︾ ᠰᠤᠷᠤᠯᠴᠠᠯᠭ᠎ᠠ ᠶᠢᠨ ᠠᠮᠢ ᠠᠬᠤᠶ ᠶᠢ ᠪᠣᠶ ᠪᠣᠯᠭᠠᠨ᠎ᠠ᠃
45698.png   
    ᠭᠤᠷᠪᠠ᠂ ᠨᠡᠶᠢᠭᠡᠮ ᠤᠨ ᠲᠤᠰᠬᠠᠯ ᠬᠢᠭᠡᠳ ᠢᠷᠡᠭᠡᠳᠦᠢ ᠶᠢᠨ ᠲᠥᠯᠥᠪᠯᠡᠭᠡ    ᠪᠣᠯᠪᠠᠰᠤᠷᠠᠯ ᠳᠤ ᠣᠷᠣᠯᠴᠠᠭᠰᠠᠨ ᠡᠶᠡᠳᠡᠭᠦᠯᠦᠭᠴᠢ ᠠᠴᠠ ᠬᠠᠷᠢᠭᠤ ᠲᠤᠰᠬᠠᠵᠤ᠂ ᠪᠣᠯᠪᠠᠰᠤᠷᠠᠯ ᠤᠨ ᠠᠭᠤᠯᠭ᠎ᠠ ᠨᠢ ᠪᠣᠳᠠᠲᠠᠢ ᠲᠠᠢ ᠣᠶᠢᠷᠠᠲᠤᠵᠤ᠂ ᠬᠡᠷᠡᠭ ᠤᠨ ᠵᠢᠱᠢᠶ᠎ᠡ ᠶᠢᠨ ᠵᠢᠭᠠᠨ ᠰᠤᠷᠭᠠᠯᠲᠠ ᠨᠢ ︽ᠤᠯᠠᠨ ᠲᠦᠮᠡᠨ ᠲᠠᠢ ᠣᠶᠢᠷᠠᠲᠤᠵᠤ︾᠂ ᠵᠢᠭᠤᠷᠠᠯᠳᠤᠭᠠᠨ ᠢ ᠤᠷᠢᠳᠴᠢᠯᠠᠨ ᠮᠠᠭᠠᠳᠯᠠᠬᠤ ᠪᠠ ᠰᠢᠢᠳᠪᠦᠷᠢᠯᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠪᠢᠨ ᠡᡁᠧ ᠬᠠᠤᠯᠢ ᠴᠠᠭᠠᠵᠠ ᠶᠢᠨ ᠭᠠᠵᠠᠷ ᠤᠨ ᠬᠢᠨ ᠡᠶᠡᠳᠡᠭᠦᠯᠦᠭᠴᠢ ᠶᠢᠨ ᠦᠨᠳᠦᠰᠦᠨ ᠱᠠᠲᠤᠨ ᠤ ᠬᠠᠤᠯᠢᠵᠢᠯ ᠤᠨ ᠤᠬᠠᠭᠤᠯᠭ᠎ᠠ ᠪᠣᠯᠤᠨ ᠵᠥᠷᠢᠴᠡᠯ ᠢ ᠨᠠᠮᠳᠠᠭᠤᠯᠬᠤ ᠶᠢ ᠦᠷᠭᠦᠯᠵᠢᠯᠡᠨ ᠠᠬᠢᠭᠤᠯᠬᠤ ᠲᠤᠯᠭᠠᠭᠤᠷᠢ ᠬᠦᠴᠦᠨ ᠪᠣᠯᠭᠠᠵᠤ᠂ ᠠᠮᠤᠷ ᠠᠮᠤᠭᠤᠯᠠᠩ ᠪᠢᠨ ᠾᠧ ᠶᠢ ᠪᠠᠶᠢᠭᠤᠯᠬᠤ ᠳᠤ ᠪᠠᠲᠤ ᠪᠠᠬᠢ ᠬᠠᠤᠯᠢᠵᠢᠯ ᠤᠨ ᠪᠠᠲᠤᠯᠠᠭ᠎ᠠ ᠬᠠᠩᠭᠠᠬᠤ ᠪᠣᠯᠤᠨ᠎ᠠ᠃    ᠪᠢᠨ ᠾᠧ ᠬᠠᠤᠯᠢ ᠴᠠᠭᠠᠵᠠ ᠶᠢᠨ ᠭᠠᠵᠠᠷ ᠰᠢᠰᠲ᠋ᠧᠮᠲᠦ ᠴᠢᠨᠠᠷᠲᠠᠶ᠂ ᠣᠯᠠᠨ ᠶᠠᠩᠵᠤ ᠶᠢᠨ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠡᠶᠡᠳᠡᠭᠦᠯᠦᠭᠴᠢ ᠶᠢᠨ ᠲᠤᠰᠬᠠᠶ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ︽ᠰᠡᠵᠢᠭᠦᠷ︾ ᠢ ᠨᠠᠩ ᠴᠢᠩᠭᠠᠳᠬᠠᠵᠤ᠂ ︽ᠪᠠᠭ᠎ᠠ ᠶᠠᠪᠤᠳᠠᠯ ᠢ ᠨᠡᠶᠢᠭᠡᠮ ᠲᠣᠭᠤᠷᠢᠭ ᠠᠴᠠ ᠭᠠᠷᠭᠠᠬᠤ ᠥᠬᠡᠶ᠂ ᠵᠥᠷᠢᠴᠡᠯ ᠢ ᠳᠡᠭᠡᠭᠰᠢ ᠲᠤᠰᠢᠶᠠᠬᠤ ᠥᠬᠡᠶ︾ ᠵᠠᠰᠠᠯᠲᠠ ᠶᠢᠨ ᠬᠠᠷᠠᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ  ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号