︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ ᠭᠠᠵᠠᠷ ᠣᠷᠣᠨ ᠤ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2025/6/18
ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 17 ᠤ ᠴᠠᠭᠢᠯᠭᠠᠨ ᠮᠡᠳᠡᠭᠡ    — ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠡᠭᠡᠷᠡᠬᠢ ᠭᠤᠣᠯ ᠵᠤᠷᠢᠯᠳᠠᠳᠤ ᠦᠭᠡ    ︵2025 ᠣᠨ ᠤ 6 ᠰᠠᠷ᠎ᠠ ᠶᠢᠨ 17 ᠤ ᠡᠳᠦᠷ᠂ ᠠᠰᠲ᠋ᠠᠨᠠ ᠳᠤ︶    ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩᠬᠦᠨᠳᠦᠲᠦ ᠶᠡᠷᠦᠩᠬᠡᠶᠢᠯᠡᠭᠴᠢ ᠲᠦᠸᠧᠺᠠᠶᠧᠹ᠂ᠬᠠᠮᠲᠤ ᠠᠵᠢᠯᠯᠠᠭᠴᠢ᠂ ᠨᠠᠶᠢᠵᠠ ᠨᠠᠷ ᠠ᠋᠄    ᠦᠵᠡᠰᠬᠦᠯᠡᠩᠲᠦ ᠰᠠᠶᠢᠬᠠᠨ ᠠᠰᠲ᠋ᠠᠨᠠ ᠳᠤ ᠢᠷᠡᠵᠦ᠂ ᠤᠯᠠᠨ ᠲᠠᠢ ᠬᠠᠮᠲᠤ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠵᠤ ᠪᠠᠶᠢᠬᠤ ᠳᠠᠭᠠᠨ ᠮᠠᠰᠢ ᠪᠠᠶᠠᠷ ᠲᠠᠢ ᠪᠠᠶᠢᠨ᠎ᠠ᠃ ᠶᠡᠷᠦᠩᠬᠡᠶᠢᠯᠡᠭᠴᠢ ᠲᠦᠸᠧᠺᠠᠶᠧᠹ ᠪᠣᠯᠣᠨ ᠺᠠᠽᠠᠬᠰᠲ᠋ᠠᠠ ᠤ ᠵᠠᠰᠠᠭ ᠤᠨ ᠣᠷᠳᠣᠨ ᠤ ᠳᠣᠲᠣᠨᠣᠰᠤᠭ ᠨᠢᠮᠪᠠᠢ ᠲᠣᠬᠢᠷᠠᠭᠤᠯᠤᠯᠲᠠ ᠳᠤ ᠲᠠᠯᠠᠷᠬᠠᠵᠤ ᠪᠠᠶᠢᠨ᠎ᠠ᠃    ᠬᠤᠶᠠᠷ ᠵᠢᠯ ᠤᠨ ᠡᠮᠦᠨ᠎ᠡ᠂ ᠪᠢᠳᠡ ᠳᠤᠮᠳᠠᠳᠤ ᠤᠯᠤᠰ ᠤᠨ ᠰᠢ ᠠᠨ ᠳᠤ ᠴᠤᠭᠯᠠᠷᠠᠵᠤ᠂ ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ︽ᠰᠢ ᠠᠨ ᠤ ᠠᠯᠤᠰ ᠤᠨ ᠲᠥᠰᠥᠪ︾ ᠢ ᠬᠠᠮᠲᠤ ᠪᠠᠷ ᠵᠢᠷᠤᠭᠯᠠᠪᠠ᠃ ᠪᠢᠳᠡᠨ ᠤ ᠬᠠᠮᠲᠤ ᠪᠠᠷ ᠵᠠᠶᠢᠯᠠᠭᠰᠠᠨ 6 ᠠᠨᠠᠷ ᠤᠨ ᠮᠣᠳᠣ ᠨᠢᠭᠡᠨᠲᠡ ᠰᠠᠯᠠᠭ᠎ᠠ ᠨᠠᠮᠠᠭ᠎ᠠ ᠰᠠᠬᠤᠯᠢᠭ ᠤᠷᠭᠤᠵᠤ᠂ ᠵᠢᠷᠭᠤᠭᠠᠨ ᠤᠯᠤᠰ ᠤᠨ ᠬᠠᠮᠲᠤᠷᠠᠯᠴᠠᠭ᠎ᠠ ᠥᠷᠨᠢᠨ ᠴᠡᠴᠡᠭᠯᠡᠭᠰᠡᠨ ᠢ ᠪᠡᠯᠭᠡᠳᠡᠵᠦ ᠪᠠᠶᠢᠨ᠎ᠠ᠃    ᠬᠤᠶᠠᠷ ᠵᠢᠯ ᠤᠨ ᠲᠤᠷᠰᠢ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠤᠯᠤᠰ ᠤᠳ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠭᠦᠨᠵᠡᠭᠡᠶᠢᠷᠡᠨ ᠪᠣᠳᠠᠲᠠᠶᠢᠵᠢᠵᠤ᠂ ᠠᠷᠠᠯᠵᠢᠶᠠᠨ ᠤ ᠲᠤᠭ᠎ᠠ 35% ᠪᠠᠷ ᠨᠡᠮᠡᠭᠳᠡᠵᠦ᠂ ᠠᠵᠤ ᠦᠢᠯᠡᠰ ᠤᠨ ᠪᠡᠯᠡ ᠣᠷᠣᠭᠤᠯᠤᠯᠲᠠ᠂ ᠪᠣᠬᠢᠷᠳᠤᠯ ᠦᠭᠡᠢ ᠠᠭᠤᠷᠬᠠᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠠᠮᠲᠤᠷᠠᠯᠴᠠᠭ᠎ᠠ ᠢᠳᠡᠪᠬᠢᠲᠡᠢ ᠠᠬᠢᠪᠠ᠃ ᠳᠤᠮᠳᠠᠳᠤ ᠤᠯᠤᠰ ᠤᠨ ᠬᠠᠩᠭᠠᠭᠰᠠᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥᠯ ᠵᠦᠢᠯ ᠤᠳ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠪᠠᠶᠢᠨ᠎ᠠ᠃ ᠤᠯᠠᠮ ᠠᠴᠠ ᠤᠯᠠᠨ ᠰᠢᠨ᠎ᠡ ᠡᠨᠧᠷᠭᠢ ᠶᠢᠨ ᠮᠠᠰᠢᠨ ᠲᠡᠷᠭᠡ᠂ ᠭᠡᠷᠡᠯᠴᠢ ᠴᠡᠨᠡᠭ ᠵᠡᠷᠭᠡ ᠳᠤᠮᠳᠠᠳᠤ ᠤᠯᠤᠰ ᠤᠨ ᠦᠢᠯᠡᠳᠬᠦᠨ ᠳᠤᠮᠳᠠ ᠠᠽᠢᠶ᠎ᠠ ᠳᠤ ᠣᠷᠣᠵᠤ᠂ ᠪᠠᠯ᠂ ᠵᠢᠮᠢᠰ᠂ ᠪᠤᠭᠤᠳᠠᠢ᠂ ᠵᠢᠭᠦᠷᠲᠡᠨ ᠤ ᠮᠢᠬ᠎ᠠ ᠵᠡᠷᠭᠡ ᠳᠤᠮᠳᠠ ᠠᠽᠢᠶ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠠᠷᠠᠳ ᠲᠦᠮᠡᠨ ᠤ ᠬᠤᠭᠤᠯᠠᠨ ᠰᠢᠷᠡᠭᠡ ᠶᠢ ᠪᠠᠶᠠᠯᠢᠭᠵᠢᠭᠤᠯᠤᠭᠰᠠᠨ ᠪᠠᠶᠢᠨ᠎ᠠ᠃    ᠬᠤᠶᠠᠷ ᠵᠢᠯ ᠤᠨ ᠲᠤᠷᠰᠢ᠂ ᠳᠤᠮᠳᠠᠳᠤ ᠤᠯᠤᠰ — ᠺᠢᠷᠭᠢᠽᠰᠲ᠋ᠠᠨ — ᠦᠽᠪᠤᠺᠰᠲ᠋ᠠᠨ ᠤ ᠲᠡᠮᠦᠷ ᠵᠠᠮ ᠤᠨ ᠲᠦᠷᠦᠯ ᠵᠦᠢᠯ ᠵᠢᠩᠬᠢᠨᠢ ᠪᠠᠷ ᠡᠬᠢᠯᠡᠵᠦ᠂ ᠳᠤᠮᠳᠠᠳᠤ ᠺᠠᠽᠠᠬᠰᠲ᠋ᠠᠨ ᠤ ᠭᠤᠷᠪᠠᠳᠤᠭᠠᠷ ᠵᠤᠷᠪᠤᠰ ᠲᠡᠮᠦᠷ ᠵᠠᠮ ᠤᠨ ᠲᠥᠯᠦᠪᠵᠢᠭᠦᠯᠭᠡ ᠲᠣᠭᠲᠠᠭᠤᠨ ᠢᠶᠠᠷ ᠠᠬᠢᠵᠤ᠂ ᠳᠤᠮᠳᠠᠳᠤ ᠲᠠᠵᠢᠺᠰᠲ᠋ᠠᠨ ᠤ ᠵᠠᠰᠠᠮᠠᠯ ᠵᠠᠮ ᠤᠨ ᠬᠤᠶᠠᠳᠤᠭᠠᠷ ᠬᠤᠭᠤᠴᠠᠭᠠᠨ ᠤ ᠰᠡᠷᠭᠦᠭᠡᠨ ᠵᠠᠰᠠᠯᠲᠠ ᠤᠷᠤᠭᠰᠢᠲᠠᠢ ᠠᠬᠢᠵᠤ᠂ ᠳᠤᠮᠳᠠᠳᠤ ᠲᠦᠷᠺᠮᠧᠨ᠋ᠰᠲ᠋ᠠᠨ ᠤ ᠡᠨᠧᠷᠭᠢ ᠶᠢᠨ ᠬᠠᠮᠲᠤᠷᠠᠯᠴᠠᠭ᠎ᠠ ᠲᠣᠭᠲᠠᠭᠤᠨ ᠢᠶᠠᠷ ᠥᠷᠨᠢᠵᠦ ᠪᠠᠶᠢᠨ᠎ᠠ᠃ ᠤᠯᠠᠮ ᠠᠴᠠ ᠤᠯᠠᠨ ᠳᠤᠮᠳᠠᠳᠤ ᠤᠯᠤᠰ ᠤᠨ ᠬᠤᠳᠠ ᠳᠤᠮᠳᠠ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢ ᠨᠠᠪᠲᠠᠷᠡᠭᠦᠯᠵᠦ᠂ ᠺᠠᠰᠫᠢ ᠲᠠᠩᠭᠢᠰ ᠢ ᠠᠯᠤᠰᠯᠠᠭᠰᠠᠨ ᠤᠯᠠᠨ ᠤᠯᠤᠰ ᠤᠨ ᠲᠡᠭᠡᠭᠡᠪᠦᠷᠢ ᠶᠢᠨ ᠬᠤᠩᠭᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠵᠦ᠂ ᠪᠣᠬᠢᠷᠳᠤᠯ ᠦᠭᠡᠢ ᠠᠵᠤ ᠦᠢᠯᠡᠰ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠨᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠪᠣᠯᠵᠤ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠵᠡᠷᠭᠡ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠭᠡᠯᠪᠡᠷᠢ ᠨᠢ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠤᠯᠤᠰ ᠤᠳ ᠤᠨ ᠥᠷᠭᠡᠨ ᠤᠯᠠᠨ ᠠᠷᠠᠳ ᠲᠦᠮᠡᠨ ᠳᠤ ᠠᠰᠢᠭ ᠬᠦᠷᠲᠡᠭᠡᠵᠦ ᠪᠠᠶᠢᠨ᠎ᠠ᠃    ᠬᠤᠶᠠᠷ ᠵᠢᠯ ᠤᠨ ᠲᠤᠷᠰᠢ᠂ ᠳᠤᠮᠳᠠᠳᠤ ᠤᠯᠤᠰ ᠪᠣᠯᠣᠨ ᠳᠤᠮᠳᠠᠳᠤ ᠠᠽᠢᠶ᠎ᠠ ᠶᠢᠨ ᠤᠯᠤᠰ ᠤᠳ ᠬᠠᠷᠢᠯᠴᠠᠨ ᠰᠣᠶᠣᠯ ᠤᠨ ᠲᠥᠪ ᠪᠠᠶᠢᠭᠤᠯᠵᠤ᠂ ᠳᠤᠮᠳᠠᠳᠤ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠪᠣᠯᠣᠨ ᠯᠦ ᠪᠠᠨ ᠦᠢᠯᠡᠳᠬᠡᠯ ᠤᠨ ᠭᠠᠵᠠᠷ ᠢ ᠪᠠᠶᠢᠭᠤᠯᠬᠤ ᠵᠡᠷᠭᠡ ᠲᠠᠯ᠎ᠠ ᠪᠠᠷ ᠠᠬᠢᠴᠠ ᠲᠠᠢ ᠪᠣᠯᠵᠤ᠂ ᠳᠤᠮᠳᠠᠳᠤ ᠺᠠᠽᠠᠬᠰᠲ᠋ᠠᠨ᠂ ᠳᠤᠮᠳᠠᠳᠤ ᠦᠽᠪᠤᠺᠰᠲ᠋ᠠᠨ ᠬᠠᠷᠢᠯᠴᠠᠨ ᠸᠢᠰᠠ ᠠᠴᠠ ᠬᠡᠯᠲᠦᠷᠢᠭᠦᠯᠬᠦ ᠶᠢ ᠪᠡᠶᠡᠯᠡᠭᠦᠯᠵᠦ᠂ ᠨᠢᠳᠤᠨᠤᠨ ᠵᠥᠪᠭᠡᠨ ᠳᠤᠮᠳᠠᠳᠤ ᠺᠠᠽᠠᠬᠰᠲ᠋ᠠᠨ ᠤ ᠬᠥᠮᠥᠰ ᠤᠨ ᠶᠠᠪᠤᠯᠴᠠᠭ᠎ᠠ 120 ᠲᠦᠮᠡᠨ ᠬᠥᠮᠥᠨ ᠤᠳᠠᠭ᠎ᠠ ᠶᠢ ᠳᠠᠪᠠᠵᠠᠢ᠃ ᠳᠤᠮᠳᠠ ᠠᠽᠢᠶ᠎ᠠ ᠶᠢᠨ ᠤᠯᠤᠰ ᠤᠳ ᠤᠨ ᠵᠢᠭᠤᠯᠴᠢᠯᠠᠯ ᠤᠨ ᠣᠨ᠂ ᠰᠣᠶᠣᠯ ᠤᠨ ᠣᠨ᠂ ᠤᠷᠠᠯᠢᠭ ᠤᠨ ᠨᠠᠶᠢᠷ ᠳᠤᠮᠳᠠᠳᠤ ᠤᠯᠤᠰ ᠲᠤ ᠥᠷᠭᠡᠨ ᠢᠶᠠᠷ ᠬᠦᠷᠢᠶᠡᠯᠡᠭᠳᠡᠵᠦ᠂ ︽ᠠᠭᠤᠯᠠ ᠤᠰᠤᠨ ᠤ ᠬᠠᠶᠢᠷ᠎ᠠ︾᠂ ︽ᠮᠢᠨᠤ ᠠᠯᠲᠠᠢ︾ ᠵᠡᠷᠭᠡ ᠳᠤᠮᠳᠠᠳᠤ ᠤᠯᠤᠰ ᠤᠨ ᠺᠢᠨᠣ᠋ ᠲᠧᠯᠸᠢᠰ ᠤᠨ ᠪᠦᠲᠦᠭᠡᠯ ᠳᠤᠮᠳᠠ ᠠᠽᠢᠶ᠎ᠠ ᠳᠤ ᠠᠯᠳᠠᠷᠰᠢᠵᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠰᠣᠶᠣᠯ ᠢᠷᠭᠡᠨᠰᠢᠯ ᠤᠨ ᠵᠢᠭᠤᠯᠴᠢᠯᠠᠯ ᠤᠨ ᠵᠢᠰᠢᠶᠠᠨ ᠤ ᠭᠠᠯᠲᠤ ᠲᠡᠷᠭᠡ ᠠᠮᠵᠢᠯᠲᠠᠲᠠᠢ ᠪᠠᠷ ᠠᠶᠠᠨ ᠢᠶᠠᠨ ᠡᠬᠢᠯᠡᠭᠦᠯᠪᠡ᠃ ᠥᠨᠥᠳᠥᠷ᠂ ᠪᠢᠳᠡ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠨᠥᠭᠦᠷᠰᠡᠭ ᠬᠤᠲᠠ 100 ᠬᠤᠣᠰ ᠢ ᠳᠠᠪᠠᠭᠰᠠᠨ ᠢ ᠭᠡᠷᠡᠴᠢᠯᠡᠨ᠎ᠡ᠃    ᠬᠤᠶᠠᠷ ᠵᠢᠯ ᠤᠨ ᠲᠤᠷᠰᠢ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ 13 ᠶᠠᠮᠤᠨ ᠤ ᠲᠠᠰ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠨᠠᠷᠢᠨ ᠪᠢᠴᠢᠭ ᠤᠨ ᠭᠠᠵᠠᠷ ᠪᠦᠭᠦ ᠲᠠᠯ᠎ᠠ ᠪᠠᠷ ᠠᠵᠢᠯᠯᠠᠵᠤ᠂ ᠨᠢᠷᠤᠭᠤ ᠲᠤᠯᠭᠠᠭᠤᠷᠢ ᠦᠨᠳᠦᠰᠦᠨ ᠳᠡᠭᠡᠨ ᠪᠦᠷᠢᠯᠳᠦᠪᠡ᠃    ᠮᠢᠩᠭᠠᠨ ᠣᠨ ᠤ ᠡᠷᠲᠡᠨ ᠤ ᠨᠡᠶᠢᠰᠯᠡᠯ ᠰᠢ ᠠᠨ ᠠᠴᠠ ᠲᠠᠯ᠎ᠠ ᠨᠤᠲᠤᠭ ᠤᠨ ᠬᠡᠷᠡᠯᠳᠦ ᠰᠤᠪᠤᠳ ᠠᠰᠲ᠋ᠠᠨᠠ ᠭᠦᠷᠲᠡᠯ᠎ᠡ᠂ ᠰᠢᠷ᠎ᠠ ᠲᠠᠩᠭᠢᠰ ᠤᠨ ᠬᠥᠪᠡᠭᠡᠨ ᠠᠴᠠ ᠺᠠᠰᠫᠢ ᠲᠠᠩᠭᠢᠰ ᠤᠨ ᠭᠦᠪᠡᠭᠡ ᠭᠦᠷᠲᠡᠯ᠎ᠡ᠂ ᠲᠡᠭᠷᠢ ᠠᠭᠤᠯᠠ ᠶᠢᠨ ᠡᠮᠦᠨ᠎ᠡ ᠤᠮᠠᠷ᠎ᠠ ᠠᠴᠠ ᠫᠠᠮᠢᠷ ᠤᠨ ᠥᠨᠳᠦᠷᠯᠢᠭ ᠭᠦᠷᠲᠡᠯ᠎ᠡ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠤᠨ ᠬᠠᠮᠲᠤ ᠶᠢᠨ ᠲᠠᠨᠢᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠲᠤᠷᠠᠯᠴᠠᠭᠠᠨ ᠤ ᠵᠠᠮ ᠶᠠᠪᠤᠬᠤ ᠳᠤᠳᠤᠮ ᠥᠷᠭᠡᠵᠢᠵᠦ᠂ ᠨᠥᠬᠦᠷᠯᠡᠯ ᠤᠨ ᠴᠡᠴᠡᠭ ᠶᠠᠪᠤᠬᠤ ᠳᠤᠳᠤᠮ ᠭᠢᠯᠠᠯᠵᠠᠨ ᠳᠡᠯᠭᠡᠷᠡᠵᠦ ᠪᠠᠶᠢᠬᠤ ᠶᠢ ᠪᠢ ᠣᠯᠵᠤ ᠬᠠᠷᠠᠭᠠᠳ ᠮᠠᠰᠢ ᠪᠠᠶᠠᠷ ᠲᠠᠢ ᠪᠠᠶᠢᠨ᠎ᠠ᠃    ᠬᠠᠮᠲᠤ ᠠᠵᠢᠯᠯᠠᠭᠴᠢ᠂ ᠨᠠᠶᠢᠵᠠ ᠨᠠᠷ ᠠ᠋︕    ᠪᠢᠳᠡᠨ ᠤ ᠬᠠᠮᠲᠤᠷᠠᠯᠴᠠᠭ᠎ᠠ ᠬᠤᠶᠠᠷ ᠮᠢᠩᠭ᠎ᠠ ᠭᠠᠷᠤᠢ ᠵᠢᠯ ᠤᠨ ᠨᠥᠭᠦᠷᠰᠡᠭ ᠶᠠᠪᠤᠯᠴᠠᠭ᠎ᠠ ᠳᠤ ᠦᠨᠳᠦᠰᠦᠯᠡᠵᠦ᠂ ᠬᠠᠷᠢᠯᠴᠠᠭ᠎ᠠ ᠪᠠᠶᠢᠭᠤᠯᠤᠭᠰᠠᠨ 30 ᠭᠠᠷᠤᠢ ᠵᠢᠯ ᠤᠨ ᠪᠦᠯᠬᠦᠮᠳᠡᠯ ᠢᠲᠡᠭᠡᠯᠴᠡᠭᠡ ᠳᠤ ᠦᠨᠳᠦᠰᠦᠯᠡᠵᠦ᠂ ᠰᠢᠨ᠎ᠡ ᠴᠠᠭ ᠦᠶ᠎ᠡ ᠠᠴᠠ ᠨᠠᠭᠠᠰᠢᠬᠢ ᠨᠡᠭᠡᠭᠡᠯᠲᠡ ᠬᠢᠵᠦ ᠬᠠᠮᠲᠤ ᠪᠠᠷ ᠠᠰᠢᠭ ᠭᠦᠷᠳᠡᠭᠦ ᠠᠴᠠ ᠪᠣᠯᠵᠤ ᠬᠥᠭᠵᠢᠪᠡ᠃ ᠤᠷᠳᠤ ᠬᠤᠭᠤᠴᠠᠭᠠᠨ ᠤ ᠦᠢᠯᠡᠳᠦᠯᠭᠡ ᠳᠤᠮᠳᠠ᠂ ᠪᠢᠳᠡ ︽ᠬᠠᠷᠢᠯᠴᠠᠨ ᠬᠦᠨᠳᠦᠳᠬᠡᠬᠦ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠠᠰᠢᠭ ᠬᠦᠷᠲᠡᠭᠡᠬᠦ᠂ ᠬᠠᠷᠢᠯᠴᠠᠨ ᠬᠠᠪᠰᠤᠷᠤᠯᠴᠠᠬᠤ᠂ ᠴᠢᠨᠠᠷ ᠰᠠᠶᠢᠲᠠᠢ ᠬᠥᠭᠵᠢᠯᠲᠡ ᠪᠠᠷ ᠬᠠᠮᠲᠤ ᠶᠢᠨ ᠣᠳᠣᠬᠢᠴᠢᠯᠠᠯᠲᠠ ᠶᠢ ᠠᠬᠢᠭᠤᠯᠬᠤ︾ ᠪᠦᠬᠦᠢ ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠰᠦᠪᠡᠭᠴᠢᠯᠡᠨ ᠪᠦᠷᠢᠯᠳᠦᠭᠦᠯᠪᠡ᠃    — ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠬᠤ ᠶᠢ ᠪᠠᠷᠢᠮᠲᠠᠯᠠᠵᠤ᠂ ᠤᠯᠤᠰ ᠤᠨ ᠶᠡᠭᠡ ᠪᠠᠭ᠎ᠠ ᠭᠡᠵᠦ ᠢᠯᠭᠠᠯ ᠦᠭᠡᠢ ᠨᠢᠭᠡ ᠯᠡ ᠠᠳᠠᠯᠢ ᠪᠠᠷ ᠬᠠᠨᠳᠤᠵᠤ᠂ ᠤᠴᠢᠷ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠵᠦ᠂ ᠵᠥᠪᠳᠡᠯᠴᠡᠨ ᠰᠠᠨᠠᠯ ᠨᠢᠭᠡᠲᠡᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠪᠠ᠃    — ᠢᠲᠡᠭᠡᠯᠴᠡᠭᠡ ᠪᠠᠨ ᠭᠦᠨᠵᠡᠭᠡᠶᠢᠷᠡᠭᠦᠯᠬᠦ᠂ ᠲᠠᠭᠤᠨ ᠨᠢᠭᠡᠲᠡᠢ ᠪᠠᠶᠢᠬᠤ ᠶᠢ ᠪᠠᠷᠢᠮᠲᠠᠯᠠᠵᠤ᠂ ᠲᠤᠰ ᠲᠤᠰ ᠤᠨ ᠢᠶᠠᠨ ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ ᠶᠢ ᠡᠷᠡᠰ ᠲᠡᠮᠵᠢᠵᠥ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠬᠤᠬᠢᠷᠠᠭᠤᠯᠬᠤ ᠶᠠᠪᠤᠳᠠᠯ ᠢ ᠦᠯᠤ ᠬᠢᠪᠡ᠃    — ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ᠂ ᠬᠠᠮᠲᠤ ᠪᠠᠷ ᠬᠥᠭᠵᠢᠬᠦ ᠶᠢ ᠪᠠᠷᠢᠮᠲᠠᠯᠠᠵᠤ᠂ ᠬᠠᠷᠢᠯᠴᠠᠨ ᠤᠷᠢᠳ ᠢᠶᠠᠷ ᠪᠣᠳᠣᠯᠬᠢᠯᠠᠬᠤ ᠬᠠᠨᠢᠲᠠᠨ ᠪᠣᠯᠵᠤ᠂ ᠬᠠᠷᠢᠯᠴᠠᠨ ᠬᠥᠭᠵᠢᠯᠲᠡ ᠶᠢᠨ ᠠᠵᠠ ᠲᠣᠭᠢᠶᠠᠯ ᠣᠯᠭᠤᠵᠤ᠂ ᠡᠯ᠎ᠡ ᠲᠠᠯ᠎ᠠ ᠶᠢᠨ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠵᠤ᠂ ᠤᠯᠠᠨ ᠠᠰᠢᠭ ᠬᠦᠷᠲᠡᠵᠦ ᠬᠠᠮᠲᠤ ᠪᠠᠷ ᠣᠷᠣᠰᠢᠬᠤ ᠶᠢ ᠪᠡᠶᠡᠯᠡᠭᠦᠯᠪᠡ᠃    — ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠶᠢ ᠪᠠᠷᠢᠮᠲᠠᠯᠠᠵᠤ᠂ ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ᠂ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠬᠦᠴᠦ ᠪᠠᠨ ᠬᠠᠮᠲᠤᠳᠬᠠᠨ ᠠᠷᠭᠠᠴᠠᠭᠠᠵᠤ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠲᠤ ᠪᠠᠷ ᠬᠠᠮᠠᠭᠠᠯᠠᠪᠠ᠃    ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠨᠢ ᠦᠶ᠎ᠡ ᠦᠶ᠎ᠡ ᠶᠢᠨ ᠨᠥᠭᠦᠷᠰᠡᠭ ᠬᠠᠮᠲᠤᠷᠠᠯᠴᠠᠭ᠎ᠠ ᠳᠤ ᠴᠢᠬᠤᠯᠠ ᠵᠢᠷᠤᠮᠯᠠᠯ ᠬᠠᠩᠭᠠᠪᠠ᠂ ᠪᠢᠳᠡ ᠢᠮᠠᠭᠲᠠ ᠪᠠᠷᠢᠮᠲᠠᠯᠠᠵᠤ᠂ ᠲᠠᠰᠤᠷᠠᠯᠳᠠ ᠦᠭᠡᠢ ᠪᠠᠳᠠᠷᠠᠭᠤᠯᠤᠨ ᠳᠡᠯᠭᠡᠷᠡᠭᠦᠯᠦᠶ᠎ᠡ᠃    ᠬᠠᠮᠲᠤ ᠠᠵᠢᠯᠯᠠᠭᠴᠢ᠂ ᠨᠠᠶᠢᠵᠠ ᠨᠠᠷ ᠠ᠋︕    ᠣᠳᠣᠬᠠᠨ ᠳᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠤᠪᠢᠷᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠭᠠᠭᠴᠠ ᠬᠦ ᠲᠥᠪ ᠭᠤᠣᠯᠴᠢ ᠰᠢᠳᠤᠷᠭᠤ ᠶᠣᠰᠣ ᠶᠢ ᠭᠤᠶᠢᠪᠢᠰᠢ ᠦᠭᠡᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠡᠷᠴᠢ ᠵᠣᠷᠢᠭ ᠢᠶᠠᠨ ᠬᠥᠪᠴᠢᠯᠡᠪᠡᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠲᠠᠶᠢᠨ ᠳᠤ ᠢᠯᠠᠭᠴᠢ ᠭᠡᠵᠦ ᠪᠠᠶᠢᠬᠤ ᠦᠭᠡᠢ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠡᠵᠡᠷᠬᠡᠬᠦ ᠦᠵᠡᠯ ᠨᠢ ᠪᠤᠰᠤᠳ ᠲᠤ ᠬᠤᠣᠷ ᠬᠥᠨᠥᠭᠡᠯ ᠤᠴᠠᠷᠠᠭᠤᠯᠬᠤ ᠨᠢ ᠵᠠᠶᠢᠯᠠᠰᠢ ᠦᠭᠡᠢ ᠶᠤᠮ᠃    ᠲᠡᠦᠬᠡ ᠬᠤᠶᠢᠰᠢ ᠤᠬᠤᠷᠢᠵᠤ ᠪᠤᠯᠬᠤ ᠦᠭᠡᠢ᠂ ᠤᠷᠤᠭᠰᠢᠯᠠᠬᠤ ᠭᠡᠷᠡᠭᠲᠡᠢ︔ ᠳᠡᠯᠡᠭᠡᠢ ᠶᠢᠷᠲᠢᠨᠴᠦ ᠬᠠᠭᠠᠴᠠᠵᠤ ᠪᠤᠯᠬᠤ ᠦᠭᠡᠢ᠂ ᠪᠦᠯᠬᠦᠮᠳᠡᠪᠡᠯ ᠵᠤᠭᠢᠨ᠎ᠠ︔ ᠭᠦᠮᠦᠨ ᠲᠥᠷᠥᠯᠬᠢᠲᠡᠨ ᠪᠠᠯᠠᠷ ᠤᠢ ᠶᠢᠨ ᠵᠢᠮ᠎ᠡ ᠬᠠᠤᠯᠢ ᠳᠤ ᠪᠤᠴᠠᠵᠤ ᠪᠤᠯᠬᠤ ᠦᠭᠡᠢ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠪᠠᠯ ᠵᠣᠬᠢᠨ᠎ᠠ ᠭᠡᠵᠦ ᠪᠢ ᠵᠣᠷᠢᠭᠰᠠᠭᠠᠷ ᠢᠷᠡᠵᠠᠢ᠃   3 ᠵᠢᠯ ᠤᠨ ᠡᠮᠦᠨ᠎ᠡ᠂ ᠪᠢᠳᠡ ᠳᠤᠮᠳᠠᠳᠤ ᠤᠯᠤᠰ — ᠳᠤᠮᠳᠠ ᠠᠽᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠬᠠᠮᠲᠤ ᠪᠠᠷ ᠨᠡᠶᠢᠲᠡᠯᠡᠵᠦ᠂ ᠵᠢᠷᠭᠤᠭᠠᠨ ᠤᠯᠤᠰ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠥᠷᠢᠰᠦᠯᠳᠦᠭᠡᠨ ᠢ ᠢᠯᠠᠨ ᠳᠠᠪᠠᠭ᠋ᠤ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ ᠳᠤ ᠬᠠᠷᠠᠯᠲᠠ ᠪᠠ ᠴᠢᠭᠯᠡᠯ ᠢ ᠲᠣᠳᠣᠷᠬᠠᠢ ᠵᠢᠭᠠᠵᠤ ᠥᠭᠪᠡ᠃ ᠪᠢᠳᠠ ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠪᠠᠷ ᠵᠢᠯᠣᠭᠤᠳᠤᠮᠵᠢ ᠪᠤᠯᠭᠠᠵᠤ᠂ ᠨᠡᠩ ᠤᠷᠤᠭᠰᠢᠯᠠᠨ ᠲᠠᠪᠰᠢᠬᠤ ᠣᠪᠣᠷ ᠪᠠᠶᠢᠳᠠᠯ ᠪᠣᠯᠣᠨ ᠨᠡᠩ ᠪᠣᠳᠠᠲᠠᠢ ᠶᠢ ᠡᠷᠭᠢᠮᠯᠡᠭᠦ ᠠᠷᠭ᠎ᠠ ᠬᠡᠮᠵᠢᠶ᠎ᠡ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠬᠠᠷᠠᠯᠲᠠ ᠲᠡᠶᠢᠰᠢ ᠡᠷᠡᠮᠡᠬᠡᠶᠢᠯᠡᠨ ᠤᠷᠤᠭᠰᠢᠯᠠᠶ᠎ᠠ᠃    ᠨᠢᠭᠡ ᠳᠤ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠳᠡᠮᠵᠢᠬᠦ ᠪᠦᠯᠬᠦᠮᠳᠡᠯ ᠤᠨ ᠤᠭ ᠰᠠᠨᠠᠭ᠎ᠠ ᠪᠠᠨ ᠪᠠᠲᠤ ᠰᠠᠬᠢᠶ᠎ᠠ᠃ ᠳᠤᠮᠳᠠᠳᠤ ᠤᠯᠤᠰ ᠢᠮᠠᠭᠲᠠ ᠳᠤᠮᠳᠠ ᠠᠽᠢᠶ᠎ᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠤᠷᠢᠳ ᠢᠶᠠᠷ ᠪᠣᠳᠣᠯᠬᠢᠯᠠᠬᠤ ᠴᠢᠭᠯᠡᠯ ᠪᠤᠯᠭᠠᠵᠤ᠂ ᠡᠶᠡᠯᠳᠡᠭ ᠬᠥᠷᠰᠢ ᠠᠮᠤᠷ ᠲᠣᠭᠲᠠᠭᠤᠨ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠣᠶᠢᠯᠠᠭᠠᠭᠳᠠᠬᠤᠨ ᠴᠢᠭᠯᠡᠯᠲᠡ ᠶᠢ ᠪᠠᠷᠢᠮᠲᠠᠯᠠᠵᠤ᠂ ᠳᠤᠮᠳᠠ ᠠᠽᠢᠶ᠎ᠠ ᠶᠢᠨ ᠤᠯᠤᠰ ᠤᠳ ᠯᠤᠭ᠎ᠠ ᠡᠷᠬᠡ ᠲᠡᠭᠰᠢ ᠪᠠᠷ ᠶᠠᠪᠤᠯᠴᠠᠵᠤ᠂ ᠦᠨᠡᠨᠴᠢ ᠪᠠᠷ ᠬᠠᠨᠳᠤᠵᠤ᠂ ᠡᠭᠦᠷᠢᠳᠡ ᠳᠣᠲᠣᠨᠣ ᠨᠥᠭᠦᠷᠰᠡᠭ ᠪᠠᠶᠢᠵᠤ᠂ ᠬᠥᠷᠰᠢ ᠵᠡᠷᠭᠡᠯᠡᠳᠡᠭᠡ ᠪᠠᠷ ᠢᠶᠠᠨ ᠰᠠᠶᠢᠨ ᠰᠠᠶᠢᠬᠠᠨ ᠢᠶᠠᠨ ᠦᠵᠡᠵᠦ᠂ ᠡᠶᠠᠯᠰᠡᠭ ᠳᠣᠲᠣᠨᠣ ᠶᠠᠪᠤᠯᠴᠠᠨ᠎ᠠ᠃    ᠥᠨᠥᠳᠥᠷ ᠪᠢᠳᠡ ᠥᠨᠢ ᠡᠭᠦᠷᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠢᠶᠠᠷ ᠬᠠᠮᠲᠤᠷᠠᠨ ᠠᠵᠢᠯᠯᠠᠬᠤ ᠭᠡᠷ᠎ᠡ ᠳᠤ ᠬᠠᠮᠲᠤ ᠪᠠᠷ ᠭᠠᠷ ᠤᠨ ᠦᠰᠦᠭ ᠵᠢᠷᠤᠵᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠵᠠᠷᠴᠢᠮ ᠢ ᠬᠠᠤᠯᠢ ᠴᠠᠭᠠᠵᠠ ᠶᠢᠨ ᠭᠡᠯᠪᠡᠷᠢ ᠪᠠᠷ ᠲᠣᠭᠲᠠᠪᠤᠷᠢᠵᠢᠭᠤᠯᠤᠨ᠎ᠠ᠃ ᠡᠨᠡ ᠪᠣᠯ ᠵᠢᠷᠭᠤᠭᠠᠨ ᠤᠯᠤᠰ ᠤᠨ ᠬᠠᠷᠢᠯᠴᠠᠭᠠᠨ ᠤ ᠲᠡᠦᠬᠡᠨ ᠳᠡᠭᠡᠷᠡᠬᠢ ᠰᠢᠨ᠎ᠡ ᠪᠡᠯᠭᠡ ᠲᠡᠮᠳᠡᠭ ᠮᠥᠨ᠂ ᠪᠠᠰᠠ ᠴᠤ ᠳᠤᠮᠳᠠᠳᠤ ᠤᠯᠤᠰ ᠤᠨ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠡᠭᠦᠳᠦᠯᠲᠡ ᠮᠥᠨ᠂ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠤᠳᠠᠭᠠᠨ ᠠᠰᠢᠭ ᠲᠠᠢ ᠶᠤᠮ᠃    ᠬᠤᠶᠠᠷ ᠲᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ᠂ ᠭᠦᠨᠵᠡᠭᠡᠢ ᠠᠭᠤᠰᠤᠯᠴᠠᠭᠰᠠᠨ ᠬᠠᠮᠲᠤᠷᠠᠯᠴᠠᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠶ᠎ᠡ᠃ ᠪᠢᠳᠡ 2025 ᠠᠴᠠ 2026 ᠣᠨ ᠪᠤᠯᠲᠠᠯᠠᠭᠢ ᠶᠢ ︽ᠲᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠣᠨ︾ ᠪᠤᠯᠭᠠᠬᠤ ᠪᠠᠷ ᠵᠥᠪᠳᠡᠯᠴᠡᠨ ᠲᠣᠭᠲᠠᠪᠠ᠃ ᠠᠷᠠᠯᠵᠢᠶ᠎ᠠ ᠰᠠᠭᠠᠳ ᠦᠭᠡᠢ ᠨᠡᠪᠲᠡᠷᠡᠬᠦ᠂ ᠠᠵᠤ ᠦᠢᠯᠡᠰ ᠤᠨ ᠪᠡᠯᠡ ᠣᠷᠣᠭᠤᠯᠤᠯᠲᠠ᠂ ᠬᠤᠯᠪᠣᠯᠳᠤᠨ ᠨᠡᠪᠲᠡᠷᠡᠯᠴᠡᠬᠦ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ᠂ ᠬᠥᠮᠥᠰ ᠤᠨ ᠶᠠᠪᠤᠯᠴᠠᠭ᠎ᠠ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠪᠣᠳᠠᠲᠠᠢ ᠲᠦᠷᠦᠯ ᠵᠦᠢᠯ ᠢ ᠬᠡᠷᠡᠭᠵᠢᠭᠦᠯᠵᠦ᠂ ᠡᠷᠲᠡᠬᠡᠨ ᠠᠮᠵᠢᠯᠲᠠ ᠣᠯᠬᠤ ᠪᠠᠷ ᠴᠢᠷᠮᠠᠶᠢᠶ᠎ᠠ᠃    ᠳᠤᠮᠳᠠᠳᠤ ᠤᠯᠤᠰ ᠳᠤᠷᠠᠲᠠᠶ᠎ᠠ ᠳᠤᠮᠳᠠ ᠠᠽᠢᠶ᠎ᠠ ᠶᠢᠨ ᠤᠯᠤᠰ ᠤᠳ ᠯᠤᠭ᠎ᠠ ᠬᠥᠭᠵᠢᠯᠲᠡ ᠶᠢᠨ ᠲᠤᠷᠰᠢᠯᠭ᠎ᠠ ᠪᠣᠯᠣᠨ ᠬᠠᠮᠤᠭ ᠤᠨ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ᠎ᠠ᠃    ᠬᠤᠯᠪᠣᠭᠳᠠᠯ ᠪᠦᠬᠦᠢ ᠬᠠᠮᠲᠤᠷᠠᠯᠴᠠᠭ᠎ᠠ ᠶᠢ ᠠᠬᠢᠭᠤᠯᠬᠤ ᠶᠢᠨ ᠲᠥᠯᠥᠭᠡ᠂ ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠳᠣᠲᠣᠷ᠎ᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠰᠤᠷᠭᠠᠨ ᠬᠥᠮᠦᠵᠢᠯ ᠤᠨ ᠰᠣᠯᠢᠯᠴᠠᠭ᠎ᠠ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠬᠠᠮᠲᠤᠷᠠᠯᠴᠠᠭᠠᠨ ᠤ ᠲᠥᠪ ᠪᠣᠯᠣᠨ ᠠᠷᠠᠯᠵᠢᠶ᠎ᠠ ᠶᠢ ᠰᠠᠭᠠᠳ ᠦᠭᠡᠢ ᠨᠡᠪᠲᠡᠷᠡᠭᠦᠯᠬᠦ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠪᠠᠷ ᠲᠣᠭᠲᠠᠪᠠ᠃ ᠳᠤᠮᠳᠠᠳᠤ ᠤᠯᠤᠰ ᠳᠤᠷᠠᠲᠠᠶ᠎ᠠ ᠡᠨᠡ ᠵᠢᠯ ᠳᠤᠮᠳᠠ ᠠᠽᠢᠶ᠎ᠠ ᠶᠢᠨ ᠤᠯᠤᠰ ᠤᠳ ᠲᠤ 15 ᠳ᠋ᠦᠩᠰᠢᠭᠤᠷ ᠲᠥᠭᠦᠷᠢᠭ ᠤᠨ ᠲᠥᠯᠥᠪᠦᠷᠢ ᠦᠭᠡᠢ ᠲᠤᠰᠠᠯᠠᠮᠵᠢ ᠬᠠᠩᠭᠠᠵᠤ᠂ ᠡᠯ᠎ᠡ ᠤᠯᠤᠰ ᠤᠨ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠪᠠ ᠬᠥᠭᠵᠢᠯᠲᠡ ᠶᠢᠨ ᠲᠦᠷᠦᠯ ᠵᠦᠢᠯ ᠢ ᠬᠡᠷᠡᠭᠵᠢᠭᠦᠯᠬᠦ ᠳᠤ ᠭᠡᠷᠡᠭᠯᠡᠨ᠎ᠡ︔ ᠲᠤᠷᠠᠳᠠᠶ᠎ᠠ ᠢᠷᠡᠬᠦ ᠬᠤᠶᠠᠷ ᠵᠢᠯ ᠳᠤ ᠳᠤᠮᠳᠠ ᠠᠽᠢᠶ᠎ᠠ ᠶᠢᠨ ᠤᠯᠤᠰ ᠤᠳ ᠲᠤ 3000 ᠪᠣᠯᠪᠠᠰᠤᠷᠠᠯ ᠤᠨ ᠣᠷᠣᠨ ᠲᠤᠭ᠎ᠠ ᠬᠠᠩᠭᠠᠨ᠎ᠠ᠃    ᠭᠤᠷᠪᠠ ᠳᠤ᠂ ᠡᠩᠬᠡ ᠲᠠᠶᠢᠪᠤᠩ ᠠᠮᠤᠷ ᠲᠣᠭᠲᠠᠭᠤᠨ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠠᠮᠤᠷ ᠲᠦᠪᠰᠢᠨ ᠤ ᠪᠠᠶᠢᠷᠢᠰᠢᠯ ᠢ ᠪᠤᠢ ᠪᠣᠯᠭᠠᠶ᠎ᠠ᠃ ᠪᠢᠳᠡ ᠭᠠᠵᠠᠷ ᠣᠷᠣᠨ ᠤ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠲᠦᠷᠡᠮᠡᠬᠡᠢ ᠦᠵᠡᠯ ᠢ ᠭᠠᠷ ᠬᠤᠯᠪᠣᠨ ᠰᠡᠷᠭᠡᠶᠢᠯᠡᠨ ᠡᠰᠡᠷᠭᠦᠴᠡᠵᠦ᠂ ︽ᠭᠤᠷᠪᠠᠨ ᠵᠦᠢᠯ ᠤᠨ ᠬᠦᠴᠦᠨ︾ ᠳᠤ ᠡᠷᠡᠰ ᠴᠣᠬᠢᠯᠲᠠ ᠥᠭᠴᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠶ᠎ᠠ᠃    ᠳᠤᠮᠳᠠᠳᠤ ᠤᠯᠤᠰ ᠠᠴᠠ ᠳᠤᠮᠳᠠ ᠠᠽᠢᠶ᠎ᠠ ᠶᠢᠨ ᠤᠯᠤᠰ ᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠪᠠ ᠬᠠᠤᠯᠢ ᠬᠡᠷᠡᠭᠵᠢᠭᠦᠯᠦᠯᠲᠡ ᠶᠢᠨ ᠠᠮᠤᠷ ᠲᠦᠪᠰᠢᠨ ᠤ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠳᠡᠮᠵᠢᠵᠦ᠂ ᠳᠤᠷᠠᠲᠠᠶ᠎ᠠ ᠡᠯ᠎ᠡ ᠤᠯᠤᠰ ᠤᠨ ᠰᠦᠷᠳᠡᠭᠦᠯᠬᠦ ᠦᠵᠡᠯ ᠪᠠ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠲᠣᠣᠷ ᠰᠦᠯᠵᠢᠶ᠎ᠡ ᠪᠠ ᠠᠮᠢᠳᠤ ᠪᠣᠳᠠᠰ ᠤᠨ ᠠᠮᠤᠷ ᠲᠦᠪᠰᠢᠨ ᠢ ᠬᠠᠮᠠᠭᠠᠯᠠᠵᠤ᠂ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠵᠦ᠂ ᠨᠡᠩ ᠤᠯᠠᠨ ᠠᠮᠤᠷ ᠠᠮᠤᠭᠤᠯᠠᠩ ᠬᠤᠲᠠ ᠶᠢᠨ ᠲᠦᠷᠦᠯ ᠵᠦᠢᠯ ᠪᠠ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠪᠣᠯᠪᠠᠰᠤᠷᠠᠯ ᠤᠨ ᠬᠠᠮᠲᠤᠷᠠᠯᠴᠠᠭ᠎ᠠ ᠶᠢ ᠬᠡᠷᠡᠭᠵᠢᠭᠦᠯᠦᠨ᠎ᠡ᠃    ᠠᠹᠭᠠᠨᠢᠰᠲ᠋ᠠᠨ ᠪᠣᠯ ᠪᠢᠳᠡᠨ ᠤ ᠬᠥᠷᠰᠢ ᠮᠥᠨ᠃ ᠪᠢᠳᠡ ᠬᠠᠮᠵᠢᠯᠴᠠᠭ᠎ᠠ ᠪᠠᠨ ᠴᠢᠩᠭᠠᠳᠬᠠᠵᠤ᠂ ᠠᠹᠭᠠᠨᠢᠰᠲ᠋ᠠᠨ ᠢ ᠬᠠᠪᠰᠤᠷᠤᠨ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠡᠩᠬᠡ ᠲᠠᠶᠢᠪᠤᠩ ᠲᠣᠭᠲᠠᠭᠤᠨ ᠪᠠᠶᠢᠳᠠᠯ ᠪᠠ ᠳᠠᠭᠢᠨ ᠪᠦᠲᠦᠭᠡᠨ ᠪᠠᠶᠢᠭᠤᠯᠵᠤ ᠬᠥᠭᠵᠢᠭᠦᠯᠬᠦ ᠶᠢ ᠡᠷᠲᠡᠬᠡᠨ ᠪᠡᠶᠡᠯᠡᠭᠦᠯᠦᠶ᠎ᠡ᠃    ᠳᠥᠷᠪᠡ ᠳᠤ᠂ ᠨᠢᠭᠡ ᠰᠡᠳᠬᠢᠯ ᠨᠢᠭᠡ ᠵᠣᠷᠢᠭ᠂ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠤᠯᠬᠤ ᠰᠣᠶᠣᠯ ᠢᠷᠭᠡᠨᠰᠢᠯ ᠤᠨ ᠬᠤᠯᠪᠣᠭᠠᠰᠤ ᠶᠢ ᠴᠢᠩᠭᠠᠷᠠᠭᠤᠯᠤᠶ᠎ᠠ᠃ ᠳᠤᠮᠳᠠᠳᠤ ᠤᠯᠤᠰ ᠠᠴᠠ ᠳᠤᠮᠳᠠ ᠠᠽᠢᠶ᠎ᠠ ᠶᠢᠨ ᠤᠯᠤᠰ ᠤᠳ ᠤᠨ ᠬᠠᠤᠯᠢ ᠲᠣᠭᠲᠠᠭᠠᠬᠤ ᠪᠠᠶᠢᠭᠤᠯᠤᠮᠵᠢ᠂ ᠲᠦᠷᠦ ᠶᠢᠨ ᠨᠠᠮ᠂ ᠡᠮᠡᠭᠲᠡᠶᠢᠴᠦᠳ᠂ ᠵᠠᠯᠠᠭᠤᠴᠤᠳ᠂ ᠵᠠᠭᠤᠴᠢᠯᠠᠭᠤᠷ᠂ ᠤᠶᠤᠨ ᠤ ᠬᠥᠮᠥᠷᠭᠡ ᠵᠡᠷᠭᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠢ ᠥᠷᠨᠢᠭᠦᠯᠵᠦ᠂ ᠪᠣᠬᠢᠷᠳᠤᠯ ᠦᠭᠡᠢ ᠬᠥᠭᠵᠢᠯᠲᠡ᠂ ᠶᠠᠳᠠᠭᠤ ᠬᠦᠴᠢᠷᠳᠡᠯ ᠲᠠᠢ ᠬᠥᠮᠥᠰ ᠢ ᠴᠥᠭᠡᠳᠬᠡᠬᠦ᠂ ᠢᠯᠵᠢᠷᠡᠯ ᠢ ᠡᠰᠡᠷᠭᠦᠴᠡᠬᠦ ᠵᠡᠷᠭᠡ ᠲᠤᠷᠰᠢᠯᠭ᠎ᠠ ᠶᠢ ᠬᠤᠪᠢᠶᠠᠯᠴᠠᠨ᠎ᠠ᠃    ᠳᠤᠮᠳᠠᠳᠤ ᠤᠯᠤᠰ ᠳᠤᠷᠠᠲᠠᠶ᠎ᠠ ᠳᠤᠮᠳᠠ ᠠᠽᠢᠶ᠎ᠠ ᠳᠤ ᠨᠡᠩ ᠤᠯᠠᠨ ᠰᠣᠶᠣᠯ ᠤᠨ ᠲᠥᠪ᠂ ᠶᠡᠭᠡ ᠳᠡᠭᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠯᠦ ᠪᠠᠨ ᠤ ᠦᠢᠯᠡᠳᠬᠡᠯ ᠤᠨ ᠭᠠᠵᠠᠷ ᠢ ᠪᠠᠶᠢᠭᠤᠯᠵᠤ᠂ ᠳᠤᠮᠳᠠᠳᠤ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠳᠤᠮᠳᠠ ᠠᠽᠢᠶ᠎ᠠ ᠶᠢᠨ ᠬᠡᠯᠡᠨ ᠤ ᠲᠤᠰᠬᠠᠢ ᠮᠡᠷᠭᠡᠵᠢᠯ ᠢ ᠨᠡᠮᠡᠨ ᠲᠣᠬᠢᠷᠠᠭᠤᠯᠵᠤ᠂ ︽ᠳᠤᠮᠳᠠᠳᠤ ᠤᠯᠤᠰ — ᠳᠤᠮᠳᠠ ᠠᠽᠢᠶ᠎ᠠ ᠶᠢᠨ ᠮᠡᠷᠭᠡᠵᠢᠯ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠲᠥᠯᠥᠪᠯᠡᠭᠡ︾ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠳᠤᠮᠳᠠ ᠠᠽᠢᠶ᠎ᠠ ᠶᠢᠨ ᠡᠯ᠎ᠡ ᠤᠯᠤᠰ ᠲᠤ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠥᠵᠢᠭᠦᠯᠵᠦ ᠥᠭᠭᠦᠨ᠎ᠡ᠃    ᠳᠤᠮᠳᠠᠳᠤ ᠤᠯᠤᠰ ᠠᠴᠠ ᠳᠤᠮᠳᠠᠳᠤ ᠤᠯᠤᠰ ᠳᠤᠮᠳᠠ ᠠᠽᠢᠶ᠎ᠠ ᠶᠢᠨ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠳᠡᠮᠵᠢᠵᠦ᠂ ᠨᠥᠭᠦᠷᠰᠡᠭ ᠬᠤᠲᠠ ᠶᠢᠨ ᠶᠠᠪᠤᠯᠴᠠᠭ᠎ᠠ ᠪᠠᠷ ᠬᠥᠭᠦᠷᠭᠡ ᠪᠤᠯᠭᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠷ ᠭᠠᠷᠳᠠᠴᠠ ᠪᠤᠯᠭᠠᠵᠤ᠂ ᠲᠥᠪ ᠠᠴᠠ ᠣᠷᠣᠨ ᠨᠤᠲᠤᠭ ᠭᠦᠷᠲᠡᠯ᠎ᠡ᠂ ᠠᠯᠪᠠᠨ ᠤ ᠲᠠᠯ᠎ᠠ ᠠᠴᠠ ᠠᠷᠠᠳ ᠤᠨ ᠳᠤᠮᠳᠠ ᠭᠦᠷᠲᠡᠯ᠎ᠡ᠂ ᠬᠥᠷᠰᠢ ᠵᠡᠷᠭᠡᠯᠡᠳᠡᠭᠡ ᠭᠠᠵᠠᠷ ᠣᠷᠣᠨ ᠠᠴᠠ ᠨᠡᠩ ᠥᠷᠭᠡᠨ ᠣᠷᠣᠨ ᠪᠦᠰᠡ ᠭᠦᠷᠲᠡᠯ᠎ᠡ ︽ᠰᠡᠳᠬᠢᠯ ᠢᠶᠠᠨ ᠬᠤᠯᠪᠣᠬᠤ︾ ᠪᠠᠶᠢᠷᠢᠰᠢᠯ ᠢ ᠬᠠᠮᠲᠤ ᠪᠠᠷ ᠪᠠᠶᠢᠭᠤᠯᠤᠨ᠎ᠠ᠃    ᠥᠨᠥᠳᠥᠷ ᠪᠠᠲᠤᠯᠠᠭᠰᠠᠨ ᠬᠥᠮᠥᠰ ᠤᠨ ᠶᠠᠪᠤᠯᠴᠠᠭ᠎ᠠ ᠶᠢ ᠳᠥᠭᠦᠮᠴᠢᠯᠡᠬᠦ ᠠᠷᠭ᠎ᠠ ᠬᠡᠮᠵᠢᠶ᠎ᠡ ᠶᠢ ᠲᠦᠷᠭᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠵᠢᠷᠭᠤᠭᠠᠨ ᠤᠯᠤᠰ ᠤᠨ ᠠᠷᠠᠳ ᠣᠯᠠᠨ ᠤ ᠶᠠᠪᠤᠵᠤ ᠰᠠᠭᠤᠬᠤ ᠳᠤ ᠨᠠᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠤᠯᠭᠠᠵᠤ᠂ ᠲᠥᠷᠥᠯ ᠰᠠᠳᠤᠨ ᠰᠢᠭ᠋ ᠦᠷᠭᠦᠯᠵᠢ ᠶᠠᠪᠤᠯᠴᠠᠵᠤ᠂ ᠶᠠᠪᠤᠬᠤ ᠲᠤᠲᠤᠮ ᠳᠣᠲᠣᠨᠣ ᠪᠤᠯᠬᠤ ᠶᠢ ᠬᠦᠰᠡᠵᠦ ᠪᠠᠶᠢᠨ᠎ᠠ᠃    ᠲᠠᠪᠤ ᠳᠤ᠂ ᠲᠥᠪ ᠭᠤᠣᠯᠴᠢ ᠵᠦᠢ ᠵᠣᠬᠢᠰᠲᠠᠢ᠂ ᠡᠷᠬᠡ ᠲᠡᠭᠰᠢ ᠡᠮᠬᠢ ᠵᠢᠷᠤᠮ ᠲᠠᠢ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠶ᠎ᠠ᠃ ᠳᠤᠮᠳᠠᠳᠤ ᠤᠯᠤᠰ ᠠᠴᠠ ᠳᠤᠮᠳᠠ ᠠᠽᠢᠶ᠎ᠠ ᠶᠢᠨ ᠤᠯᠤᠰ ᠤᠳ ᠤᠨ ᠳᠡᠯᠡᠬᠡᠢ ᠶᠢᠨ ᠬᠡᠷᠡᠭ ᠶᠠᠪᠤᠳᠠᠯ ᠳᠤ ᠨᠡᠩ ᠶᠡᠭᠡ ᠦᠢᠯᠡᠳᠦᠯ ᠦᠵᠡᠭᠦᠯᠭᠦ ᠶᠢ ᠳᠡᠮᠵᠢᠵᠦ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠭᠠᠷ ᠬᠤᠯᠪᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠢᠳᠡᠪᠬᠢᠲᠡᠢ ᠠᠬᠢᠭᠤᠯᠤᠨ᠎ᠠ᠃    ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠠ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠪᠡᠷᠬᠡ ᠬᠠᠲᠠᠭᠤᠵᠢᠯᠲᠠᠢ ᠲᠠᠶᠢᠨ ᠤ ᠣᠨ ᠵᠢᠯ ᠤᠳ ᠲᠤ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠭᠠᠵᠠᠷ ᠣᠷᠣᠨ ᠤ ᠠᠷᠠᠳ ᠲᠦᠮᠡᠨ ᠬᠠᠷᠢᠯᠴᠠᠨ ᠲᠡᠮᠵᠢᠵᠤ᠂ ᠵᠢᠷᠭᠠᠯ ᠵᠣᠪᠠᠯᠠᠩ ᠢᠶᠠᠨ ᠬᠠᠮᠲᠤᠳᠬᠠᠨ᠂ ᠬᠥᠮᠥᠨ ᠲᠥᠷᠥᠯᠬᠢᠲᠡᠨ ᠤ ᠰᠢᠳᠤᠷᠭᠤ ᠶᠣᠰᠣᠨ ᠤ ᠦᠢᠯᠡᠰ ᠲᠤ ᠬᠠᠮᠲᠤ ᠪᠠᠷ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠃ ᠪᠢᠳᠡ ᠵᠥᠪ ᠲᠡᠦᠬᠡ ᠶᠢᠨ ᠦᠵᠡᠯᠲᠡ ᠶᠢ ᠪᠠᠳᠠᠷᠠᠭᠤᠯᠤᠨ᠂ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠬᠠᠮᠠᠭᠠᠯᠠᠨ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠳᠤ ᠨᠡᠩ ᠤᠯᠠᠨ ᠲᠣᠭᠲᠠᠪᠤᠷᠢᠲᠤ ᠴᠢᠨᠠᠷ ᠪᠠ ᠲᠣᠬᠲᠠᠭᠠᠯᠲᠤ ᠴᠢᠨᠠᠷ ᠢ ᠨᠡᠮᠡᠷᠢᠯᠡᠶ᠎ᠡ᠃    ᠬᠠᠮᠲᠤ ᠠᠵᠢᠯᠯᠠᠭᠴᠢ᠂ ᠨᠠᠶᠢᠵᠠ ᠨᠠᠷ ᠠ᠋︕    ᠣᠳᠣᠬᠠᠨ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠳᠡᠯᠡᠬᠡᠢ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ᠂ ᠳᠤᠮᠳᠠᠳᠤ ᠤᠯᠤᠰ ᠢᠮᠠᠭᠲᠠ ᠭᠠᠳᠠᠭᠠᠳᠤ ᠨᠡᠭᠡᠭᠡᠯᠲᠡ ᠬᠢᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠳᠤᠷᠠᠲᠠᠶ᠎ᠠ ᠳᠤᠮᠳᠠ ᠠᠽᠢᠶ᠎ᠠ ᠶᠢᠨ ᠤᠯᠤᠰ ᠤᠳ ᠲᠠᠢ ᠨᠡᠩ ᠴᠢᠨᠠᠷ ᠰᠠᠶᠢᠲᠠᠢ ᠬᠠᠮᠲᠤᠷᠠᠯᠴᠠᠭ᠎ᠠ ᠥᠷᠨᠢᠭᠦᠯᠵᠦ᠂ ᠠᠰᠢᠭ ᠲᠤᠰᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ᠃    ᠬᠠᠮᠲᠤ ᠠᠵᠢᠯᠯᠠᠭᠴᠢ᠂ ᠨᠠᠶᠢᠵᠠ ᠨᠠᠷ ᠠ᠋︕    ᠳᠤᠮᠳᠠᠳᠤ ᠤᠯᠤᠰ ᠤᠨ ᠡᠷᠲᠡᠨ ᠤ ᠮᠡᠷᠭᠡᠳ᠄ ︽ᠬᠠᠷᠢᠯᠴᠠᠨ ᠬᠠᠶᠢᠷᠠᠯᠠᠪᠠᠰᠤ ᠬᠠᠷᠢᠯᠴᠠᠨ ᠠᠰᠢᠭ ᠬᠦᠷᠲᠡᠭᠡᠮᠦᠢ︾ ᠬᠡᠮᠡᠨ ᠶᠠᠷᠢᠳᠠᠭ᠃ ᠳᠤᠮᠳᠠ ᠠᠽᠢᠶ᠎ᠠ ᠳᠤ ᠪᠠᠰᠠ᠄ ︽ᠡᠶ᠎ᠡ ᠨᠠᠶᠢᠷᠠᠮᠳᠠᠭᠤ ᠪᠠ ᠪᠦᠯᠬᠦᠮᠳᠡᠯ ᠪᠣᠯ ᠳᠠᠷᠤᠢ ᠵᠣᠯ ᠵᠢᠷᠭᠠᠯ ᠪᠠ ᠡᠳ᠋ ᠪᠠᠶᠠᠯᠢᠭ ᠮᠥᠨ︾ ᠭᠡᠬᠦ ᠵᠦᠢᠷ ᠦᠭᠡ ᠪᠠᠶᠢᠳᠠᠭ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠬᠠᠷᠠᠯᠲᠠ ᠶᠢ ᠲᠣᠭᠲᠠᠭᠠᠵᠤ᠂ ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠶᠢ ᠠᠬᠢᠭᠤᠯᠤᠨ᠎ᠠ︕    ᠲᠠ ᠪᠦᠭᠦᠨ ᠳᠤ ᠪᠠᠶᠠᠷᠯᠠᠯ᠎ᠠ᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号