ᠬᠠᠶᠢᠷᠤᠪ ᠤᠨ ᠲᠤᠬᠤᠢ ᠲᠣᠭᠤᠷᠢᠭ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/6/20
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠡᠷᠡᠭᠵᠢᠭᠦᠯᠦᠭᠰᠡᠨ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠦᠢᠯᠡᠴᠢᠯᠡᠵᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠥᠭᠵᠢᠭᠦᠯᠬᠦ ᠶᠢ ᠭᠤᠣᠯ ᠡᠭᠦᠷᠭᠡ ᠪᠠᠨ ᠪᠣᠯᠭᠠᠵᠤ᠂ ᠠᠯᠢ ᠤᠯᠠᠨ ᠤᠨᠢᠨ ᠳᠡᠭᠡᠷ᠎ᠡ ᠨᠢ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠢᠯᠡᠳᠲᠡ ᠦᠷ᠎ᠡ ᠪᠦᠲᠦᠮᠵᠢ ᠣᠯᠵᠤ᠂ ᠣᠷᠣᠨ ᠪᠦᠰᠡ ᠶᠢᠨ ᠭᠠᠳᠠᠭᠠᠳᠤ ᠠᠷᠠᠯᠵᠢᠶᠠᠨ ᠤ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃       ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠠᠵᠤ ᠠᠬᠤᠶᠢᠯᠠᠯ ᠳᠤ ᠢᠳᠡᠪᠬᠢᠲᠡᠢ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠵᠠᠬ᠎ᠠ ᠳᠡᠯᠭᠡᠭᠦᠷ ᠢ ᠨᠡᠭᠡᠭᠡᠬᠦ ᠵᠡᠷᠭᠡ ᠲᠠᠯ᠎ᠠ ᠪᠠᠷ ᠬᠢ ᠬᠦᠴᠢᠷᠳᠡᠯ ᠪᠠ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠠᠰᠠᠭᠤᠳᠠᠯ ᠤᠨ ᠨᠠᠷᠢᠨ ᠲᠠᠩᠰᠠ ᠪᠠᠶᠢᠭᠤᠯᠵᠤ᠂ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ︾ ᠶᠢ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠬᠡᠷᠡᠭᠵᠢᠭᠦᠯᠪᠡ᠃ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠵᠠᠬ᠎ᠠ ᠳᠡᠯᠭᠡᠭᠦᠷ ᠤᠨ ᠮᠡᠳᠡᠭᠡ ᠵᠠᠩᠭᠢ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ ᠵᠠᠭᠪᠤᠷ ᠲᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠭᠤᠯᠵᠤ᠂ ᠠᠵᠤ ᠠᠬᠤᠶᠢᠯᠠᠯ ᠢ ᠬᠠᠪᠰᠤᠷᠤᠨ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠵᠦ᠂ ᠲᠦᠷᠦᠯ ᠲᠡᠮᠳᠡᠭ ᠤᠨ ᠠᠯᠳᠠᠷᠰᠢᠯ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃     ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠶᠢᠨ ᠬᠦᠴᠦᠲᠡᠢ ᠬᠠᠪᠰᠤᠷᠤᠯᠭ᠎ᠠ ᠳᠣᠣᠷ᠎ᠠ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠬᠢᠷᠢ ᠪᠦᠲᠦᠮᠵᠢ ᠲᠤᠪᠤᠶᠢᠮ᠎ᠠ ᠪᠠᠶᠢᠨ᠎ᠠ᠃ 2025 ᠣᠨ ᠤ ᠳᠡᠭᠡᠷ᠎ᠡ ᠬᠠᠭᠠᠰ ᠵᠢᠯ ᠳᠤ᠂ ᠨᠡᠶᠢᠲᠡ 8 ᠠᠵᠤ ᠠᠬᠤᠶᠢᠯᠠᠯ ᠭᠠᠳᠠᠭᠠᠳᠤ ᠲᠠᠢ ᠲᠤᠬᠠᠶᠢᠯᠠᠭᠰᠠᠨ ᠠᠵᠢᠯ ᠦᠷᠨᠢᠭᠦᠯᠪᠡ᠃ ᠣᠳᠣᠬᠠᠨ ᠪᠣᠯᠲᠠᠯ᠎ᠠ᠂ ᠬᠠᠶᠢᠷᠤᠪ ᠤᠨ ᠲᠤᠬᠤᠢ ᠲᠣᠭᠤᠷᠢᠭ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠠᠷᠠᠯᠵᠢᠶᠠᠨ ᠤ ᠲᠤᠭ᠎ᠠ 1.06 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3863.07% ᠪᠠᠷ ᠨᠡᠮᠡᠭᠳᠡᠵᠦ᠂ ᠪᠦᠬᠦ ᠵᠢᠯ ᠤᠨ ᠡᠭᠦᠷᠭᠡ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃     ᠭᠠᠳᠠᠭᠠᠳᠤ ᠶᠢᠨ ᠪᠡᠯᠡ ᠮᠥᠩᠭᠦ ᠶᠢ ᠪᠣᠳᠠᠲᠠᠢ ᠬᠡᠷᠡᠭᠯᠡᠬᠦ ᠲᠠᠯ᠎ᠠ ᠪᠠᠷ ᠠᠳᠠᠯᠢᠬᠠᠨ ᠠᠮᠵᠢᠯᠲᠠ ᠣᠯᠵᠠᠢ᠃ 2025 ᠣᠨ ᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠭᠰᠠᠨ ᠪᠥᠭᠡᠳ 3 ᠰᠠᠷ᠎ᠠ ᠳᠤ 3000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 422435.21% ᠪᠠᠷ ᠨᠡᠮᠡᠭᠳᠡᠪᠡ᠃ ᠣᠨ ᠤ ᠭᠠᠳᠠᠭᠠᠳᠤ ᠪᠡᠯᠡ ᠶᠢᠨ ᠡᠭᠦᠷᠭᠡ ᠬᠠᠷᠠᠯᠲᠠ ᠠᠴᠠ ᠪᠠᠨ ᠳᠠᠪᠠᠭᠰᠠᠨ ᠪᠠᠶᠢᠨ᠎ᠠ᠃     ᠬᠠᠶᠢᠷᠤᠪ ᠤᠨ ᠲᠤᠬᠤᠢ ᠲᠣᠭᠤᠷᠢᠭ ᠯᠠᠪᠳᠠᠭᠤᠨ ᠪᠠᠲᠤᠲᠠᠢ ᠪᠦᠲᠦᠮᠵᠢᠲᠡᠢ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠳᠠᠮᠵᠢᠭᠤᠯᠵᠤ᠂ ᠳᠡᠭᠡᠷ᠎ᠡ ᠬᠠᠭᠠᠰ ᠵᠢᠯ ᠤᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠠᠵᠢᠯ ᠤᠨ ᠳᠤᠮᠳᠠ ᠢᠯᠡ ᠲᠣᠳᠣ ᠬᠢᠷᠢ ᠪᠦᠲᠦᠮᠵᠢ ᠶᠢᠨ ᠬᠠᠭᠤᠳᠠᠰᠤ ᠲᠤᠰᠢᠶᠠᠵᠤ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠥᠭᠡᠳ ᠬᠤᠶᠢᠰᠢᠳᠠ ᠶᠢᠨ ᠬᠥᠭᠵᠢᠯᠲᠡ ᠳᠤ ᠡᠷᠬᠢᠮ ᠨᠠᠨᠳᠢᠨ ᠲᠤᠷᠰᠢᠯᠭ᠎ᠠ ᠪᠠ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠤᠷᠠᠮᠳᠤᠭᠤᠯᠤᠭᠰᠠᠨ ᠪᠠᠶᠢᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号