6 ᠰᠠᠷ᠎ᠠ ᠶᠢᠨ 19 ᠤ ᠡᠳᠦᠷ᠂ ᠰᠤᠷᠪᠤᠯᠵᠢᠯᠠᠭᠴᠢ ᠦᠬᠠᠢ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢ ᠶᠢᠨ ᠲᠠᠰᠤᠭ ᠲᠤ ᠳᠠᠬᠢᠨᠲᠠ ᠣᠷᠣᠬᠤ ᠳᠤ᠂ ᠨᠢᠳᠦᠨ | ᠡᠮᠦᠨᠡᠬᠢ ᠪᠠᠶᠢᠳᠠᠯ ᠨᠢ ᠬᠥᠮᠦᠰ ᠢ ᠵᠣᠷᠢᠭᠵᠢᠭᠤᠯᠤᠮ᠎ᠠ ᠪᠠᠶᠢᠨ᠎ᠠ᠃ ᠬᠠᠭᠠᠰ ᠰᠠᠷ᠎ᠠ ᠭᠠᠷᠤᠶ ᠶᠢᠨ ᠡᠮᠦᠨ᠎ᠡ᠂ ᠠᠳᠡ | ᠪᠠᠰᠠ ᠲᠣᠨᠤᠭ ᠲᠥᠬᠦᠭᠡᠷᠦᠮᠵᠢ ᠤᠭᠰᠠᠷᠠᠵᠤ ᠪᠠᠶᠢᠭᠰᠠᠨ ᠶᠠᠭᠠᠷᠠᠯᠲᠠᠶ ᠪᠠᠶᠢᠯᠳᠤᠭᠠᠨ ᠤ ᠲᠠᠯᠠᠪᠤᠷ ᠪᠠᠶᠢᠪᠠ᠃ | ᠣᠳᠣᠬᠠᠨ ᠳᠤ᠂ ᠡᠮᠬᠢ ᠳᠢᠭᠯᠢᠮ ᠲᠠᠢ ᠦᠢᠯᠡᠳᠪᠦᠷᠢᠯᠡᠯ ᠤᠨ ᠱᠤᠭᠤᠮ ᠪᠣᠯᠤᠨ ᠥᠨᠳᠥᠷ ᠪᠦᠲᠦᠮᠵᠢᠲᠡᠢ | ᠠᠵᠢᠯᠯᠠᠭᠠᠨ ᠤ ᠨᠠᠷᠢᠨ ᠨᠢᠭᠲᠠ ᠲᠥᠬᠦᠭᠡᠷᠦᠮᠵᠢ᠂ ᠮᠠᠰᠢᠨ ᠮᠧᠬᠠᠨᠢᠭ ᠤᠨ ᠬᠦᠩᠭᠢᠨᠡᠮ᠎ᠡ ᠳᠠᠭᠤᠨ ᠪᠣᠯᠤᠨ ᠠᠵᠢᠯᠴᠢᠨ ᠤ | ᠶᠠᠭᠠᠷᠠᠯᠲᠠᠢ ᠪᠠᠷ᠎ᠠ ᠬᠠᠷᠠᠭᠳᠠᠵᠤ᠂ ᠠᠵᠤ ᠦᠢᠯᠡᠰ ᠤᠨ ᠲᠦᠷᠭᠡᠨ ᠬᠥᠭᠵᠢᠯᠲᠡ ᠶᠢᠨ ᠠᠮᠢᠳᠤᠯᠢᠭ ᠵᠢᠷᠤᠭ ᠢ ᠵᠢᠷᠤᠭᠯᠠᠪᠠ᠃ | | | | | ︽ᠲᠥᠬᠦᠭᠡᠷᠦᠮᠵᠢ ᠶᠢ ᠲᠤᠷᠰᠢᠨ ᠲᠣᠬᠢᠷᠠᠭᠤᠯᠬᠤ ᠱᠠᠲᠤᠨ ᠳᠤ ᠣᠷᠣᠭᠤᠯᠤᠭᠰᠠᠨ ᠠᠴᠠ ᠨᠠᠰᠢ᠂ ᠪᠢᠳᠡ ᠴᠠᠭ | ᠮᠥᠴᠡ ᠶᠢ ᠠᠮᠵᠢᠨ ᠠᠬᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠪᠦᠬᠦ ᠬᠦᠴᠦᠨ ᠢᠶᠠᠷ ᠢᠶᠠᠨ ᠨᠡᠬᠡᠮᠵᠢᠯᠡᠵᠦ᠂ | ᠲᠣᠭᠲᠠᠭᠰᠠᠨ ᠲᠥᠯᠥᠪᠯᠡᠭᠡ ᠶᠣᠰᠣᠭᠠᠷ 6 ᠰᠠᠷ᠎ᠠ ᠶᠢᠨ 26 ᠤ ᠡᠳᠦᠷ ᠵᠢᠩᠬᠢᠨᠢ ᠪᠠᠷ ᠲᠤᠷᠰᠢᠨ ᠦᠢᠯᠡᠳᠪᠦᠷᠢᠯᠡᠵᠦ᠂ | ᠣᠨ ᠤ 12 ᠳ᠋ᠦᠩᠰᠢᠭᠤᠷ ᠲᠥᠭᠦᠷᠢᠭ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠦᠭ ᠪᠦᠬᠦ ᠬᠦᠴᠦᠨ ᠢᠶᠠᠷ ᠢᠶᠠᠨ | ᠰᠢᠪᠲᠤᠯᠤᠯᠲᠠ ᠬᠢᠨ᠎ᠡ︾ ᠭᠡᠵᠤ ᠦᠬᠠᠢ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠥᠪ ᠤᠨ ᠬᠠᠷᠢᠭᠤᠴᠠᠯᠭᠠᠲᠠᠨ ᠭᠥᠸᠧ ᠯᠢ ᠷᠡᠨ ᠬᠡᠯᠡᠪᠡ᠃ | | | | ᠲᠤᠷᠰᠢᠨ ᠦᠢᠯᠡᠳᠪᠦᠷᠢᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ | ᠦᠢᠯᠡᠳᠪᠦᠷᠢ ᠶᠢᠨ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠦᠢᠯᠡᠳᠪᠦᠷᠢᠯᠡᠯ᠂ ᠮᠡᠷᠭᠡᠵᠢᠯ᠂ | ᠶᠠᠰᠤ ᠴᠢᠨᠠᠷ ᠵᠡᠷᠭᠡ ᠭᠤᠭᠴᠤᠭ᠎ᠠ ᠶᠢ ᠵᠠᠪᠰᠠᠷ ᠦᠭᠡᠢ ᠵᠣᠯᠭᠠᠭᠤᠯᠵᠤ᠂ ᠠᠵᠢᠯᠴᠢᠳ ᠲᠤᠨᠤᠭ ᠲᠥᠬᠦᠭᠡᠷᠦᠮᠵᠢ ᠶᠢᠨ | ᠬᠤᠭᠤᠷᠣᠨᠳᠣ ᠲᠠᠰᠤᠷᠠᠯᠲᠠ ᠦᠭᠡᠢ ᠰᠦᠯᠵᠢᠯᠳᠦᠵᠦ᠂ ᠮᠠᠰᠢᠨ ᠨᠢᠭᠡᠪᠦᠷᠢ ᠴᠥᠮ ᠲᠤᠷᠰᠢᠨ ᠦᠢᠯᠡᠳᠪᠦᠷᠢᠯᠡᠬᠦ | ᠱᠠᠲᠤᠨ ᠳᠤ ᠬᠠᠮᠤᠭ ᠤᠨ ᠰᠠᠶᠢᠨ ᠪᠠᠶᠢᠳᠠᠯ ᠢᠶᠠᠷ ᠲᠣᠭᠲᠠᠭᠤᠨ ᠢᠶᠠᠷ ᠠᠵᠢᠯᠯᠠᠵᠤ᠂ ᠦᠢᠯᠡᠳᠬᠦᠨ ᠤ ᠥᠨᠳᠥᠷ | ᠪᠦᠲᠦᠮᠵᠢᠲᠡᠢ ᠭᠠᠷᠭᠠᠯᠲᠠ ᠳᠤ ᠪᠠᠲᠤ ᠪᠠᠬᠢ ᠰᠠᠭᠤᠷᠢ ᠲᠠᠯᠪᠢᠬᠤ ᠶᠢ ᠪᠠᠲᠤᠯᠠᠪᠠ᠃ | ᠬᠠᠶᠢᠷᠤᠪ ᠤᠨ ᠲᠤᠬᠤᠢ ᠲᠣᠭᠤᠷᠢᠭ ᠤᠨ ᠬᠢᠨ ᠴᠢᠨᠠᠷ ᠰᠠᠶᠢᠲᠠᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠢᠳᠡᠪᠬᠢᠲᠡᠢ ᠪᠤᠶᠢᠵᠢᠭᠤᠯᠵᠤ᠂ ᠨᠡᠩ ᠤᠯᠠᠨ ᠥᠨᠳᠥᠷ ᠨᠡᠮᠡᠯᠲᠡ ᠦᠷᠳᠡᠭ ᠪᠦᠬᠦᠢ ᠪᠠ ᠥᠷᠭᠡᠨ ᠠᠭᠤᠳᠠᠮ ᠠᠯᠤᠰ | ᠢᠷᠡᠭᠡᠳᠦᠢ ᠲᠠᠢ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠣᠷᠣᠨ ᠪᠦᠰᠡ ᠶᠢᠨ ᠠᠵᠤ ᠦᠢᠯᠡᠰ ᠤᠨ ᠪᠠᠶᠢᠷᠢᠰᠢᠯ ᠢ | ᠪᠠᠶᠢᠭᠤᠯᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠬᠠᠶᠢᠷᠤᠪ ᠤᠨ ᠲᠤᠬᠤᠢ | ᠲᠣᠭᠤᠷᠢᠭ ᠤᠨ ᠠᠵᠤ ᠠᠬᠤᠢ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ | |