ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ 159 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ᠃ | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠭᠦᠸᠧ ᠢ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠪᠠᠷᠠᠭᠤᠨ ᠣᠷᠣᠨ ᠤ ᠤᠯᠠᠨ ᠤᠯᠤᠰ ᠤᠨ ᠦᠵᠡᠰᠬᠦᠯᠡᠩ ᠳᠤ ᠬᠦᠷᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ᠂ | ᠵᠧᠦ ᠶᠢᠨ ᠰᠢᠩ ᠨᠥᠬᠦᠷ ᠤᠨ ᠬᠤᠳᠠ ᠶᠢᠨ ᠨᠠᠮ ᠤᠨ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ | ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽2025 ᠣᠨ ᠤ ᠦᠬᠠᠢ ᠬᠤᠳᠠ ᠶᠢᠨ | ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠠᠨ ᠤ ᠵᠢᠱᠢᠭᠳᠡᠭᠴᠢ ︵ᠬᠢᠨᠠᠨ ᠵᠥᠪᠯᠡᠬᠦ ᠨᠤᠤᠷᠠᠭ︶︾ ᠶᠢ | ᠬᠢᠨᠠᠨ ᠵᠥᠪᠯᠡᠵᠦ ᠪᠠᠲᠤᠯᠠᠭᠰᠠᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ | ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠭᠦᠸᠧ ᠢ ᠵᠢᠶᠧ ᠬᠡᠯᠡᠭᠰᠡᠨ ᠨᠢ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠤᠳᠤᠷᠢᠳᠬᠤ | ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠵᠤ᠂ ᠨᠡᠭᠡᠭᠡᠯᠲᠡᠲᠦ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ | ᠤᠨ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠥᠨᠳᠥᠷ ᠲᠦᠪᠰᠢᠨ ᠪᠦᠬᠦᠢ ᠭᠠᠳᠠᠭᠰᠢ ᠨᠡᠭᠡᠭᠡᠯᠲᠡ ᠬᠢᠬᠦ ᠶᠢ | ᠥᠷᠭᠡᠳᠬᠡᠬᠦ ᠬᠡᠷᠡᠭᠲᠡᠢ︔ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠨᠳᠤᠯᠭᠠᠲᠤ ᠴᠢᠨᠠᠷᠲᠠᠶ ᠠᠵᠤ | ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ | ᠥᠷᠨᠢᠭᠦᠯᠵᠦ᠂ ᠦᠬᠠᠢ ᠶᠢᠨ ᠮᠡᠳᠡᠭᠡ ᠵᠠᠩᠭᠢ ᠶᠢᠨ ᠭᠠᠵᠠᠷ ᠤᠨ ᠰᠢᠨ᠎ᠡ ᠶᠢ ᠡᠭᠦᠳᠬᠦ ᠲᠥᠪ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠬᠤᠳᠠ ᠶᠢᠨ ᠨᠠᠮ ᠤᠨ ᠬᠤᠷᠢᠶᠠᠨ ᠤ ᠲᠣᠳᠣᠷᠬᠠᠶᠢᠯᠠᠭᠰᠠᠨ ᠲᠦᠷᠪᠡᠨ ᠭᠤᠣᠯᠳᠠᠯᠭ᠎ᠠ ᠲᠠᠢ | ᠠᠵᠤ ᠦᠢᠯᠡᠰ ᠤᠨ ᠬᠡᠯᠬᠢᠶ᠎ᠡ ᠶᠢᠨ ᠶᠣᠰᠣᠭᠠᠷ᠂ ᠴᠢᠩᠲᠤᠤ ᠬᠠᠲᠠᠭᠤ ᠪᠡᠶᠡᠲᠦ ᠯᠢᠲ᠋ᠢ ᠳ᠋ᠢᠶᠠᠨ ᡂᠢ ᠶᠢᠨ ᠲᠦᠷᠦᠯ | ᠵᠦᠢᠯ ᠤᠨ ᠲᠣᠭᠤᠷᠢᠨ ᠳᠤ᠂ ᠳᠤᠤᠷᠠᠳᠤ ᠤᠷᠤᠰᠬᠠᠯ ᠤᠨ ᠢᠵᠢ ᠪᠦᠷᠢᠳᠦᠭᠰᠡᠨ ᠠᠵᠤ ᠦᠢᠯᠡᠰ ᠤᠨ ᠬᠡᠯᠬᠢᠶ᠎ᠡ ᠶᠢᠨ | ᠲᠥᠪᠯᠡᠷᠡᠯ ᠢ ᠠᠬᠢᠭᠤᠯᠵᠤ᠂ ᠠᠭᠠᠷ ᠤᠨ ᠠᠵᠤ ᠠᠬᠤᠢ ᠵᠡᠷᠭᠡ ᠬᠤᠰᠢᠭᠤᠷᠠᠯ ᠠᠵᠤ ᠦᠢᠯᠡᠰ ᠢ ᠤᠷᠢᠳᠴᠢᠯᠠᠨ | ᠲᠥᠯᠥᠪᠵᠢᠭᠦᠯᠬᠦ ᠬᠡᠷᠡᠭᠲᠡᠢ᠃ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠦᠢᠯ ᠤᠨ ᠴᠢᠬᠤᠯᠠ ᠴᠢᠨᠠᠷ ᠪᠣᠯᠤᠨ ᠪᠣᠳᠠᠲᠤ ᠲᠤᠯᠭᠠᠮ᠎ᠠ | ᠴᠢᠨᠠᠷ ᠢ ᠭᠦᠢᠴᠡᠳ ᠲᠠᠨᠢᠵᠤ᠂ ᠰᠠᠬᠢᠯᠭ᠎ᠠ ᠪᠠᠲᠤ ᠪᠣᠯᠤᠨ ᠶᠣᠰᠣ ᠲᠦᠷᠢᠮ ᠤᠨ ᠤᠬᠠᠮᠰᠠᠷ ᠢ ᠪᠠᠲᠤ ᠪᠤᠢ ᠪᠣᠯᠭᠠᠵᠤ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠴᠢᠩᠭ᠎ᠠ ᠪᠣᠳᠠᠲᠠᠢ ᠠᠬᠢᠭᠤᠯᠬᠤ ᠬᠡᠷᠡᠭᠲᠡᠢ︔ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ | ᠠᠬᠢᠭᠤᠯᠬᠤ ᠶᠢ ᠪᠠᠷᠢᠮᠲᠠᠯᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠥᠳᠡᠯᠦᠩᠭᠦᠢ ᠪᠠᠷ ᠰᠢᠨᠡᠳᠬᠡᠬᠦ᠂ ᠡᠬᠡ | ᠲᠠᠩᠰᠠ ᠶᠢᠨ ᠬᠡᠯᠪᠡᠷᠢ ᠪᠠᠷ ᠠᠬᠢᠭᠤᠯᠬᠤ ᠶᠢ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ | ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ | ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠴᠢᠬᠤᠯᠠ ᠴᠢᠨᠠᠷ ᠢ ᠭᠦᠨᠵᠡᠭᠡᠶ ᠣᠶᠢᠯᠠᠭᠠᠵᠤ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ | ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠦ᠂ ︽ᠪᠠᠭ᠎ᠠ ᠶᠠᠪᠤᠳᠠᠯ ᠪᠠᠭ᠎ᠠ ᠤᠴᠢᠷ ᠭᠡᠬᠦ ᠣᠨᠣᠯ︾᠂ ︽ | ᠬᠥᠭᠵᠢᠯᠲᠡ ᠶᠢ ᠨᠥᠯᠥᠭᠡᠯᠡᠬᠦ ᠣᠨᠣᠯ︾᠂ ︽ᠠᠵᠢᠯ ᠲᠥᠷᠥᠯ ᠤᠨ ᠣᠨᠴᠠᠭᠠᠶ ᠣᠨᠣᠯ︾ ᠵᠡᠷᠭᠡ ᠪᠤᠷᠤᠭᠤ ᠦᠵᠡᠯ | ᠰᠠᠨᠠᠭ᠎ᠠ ᠶᠢ ᠡᠷᠡᠰ ᠡᠰᠡᠷᠭᠦᠴᠡᠨ ᠬᠤᠷᠢᠭᠯᠠᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠪᠥᠬᠦ | ᠲᠠᠯ᠎ᠠ ᠪᠠᠷ ᠭᠦᠨᠵᠡᠭᠡᠶ ᠥᠷᠨᠢᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ︔ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠵᠠᠩᠭᠢᠯᠠᠭ᠎ᠠ ᠶᠢᠨ | ᠴᠥᠭᠡᠨ ᠲᠣᠭᠠᠲᠠᠨ︾ ᠤ ᠦᠢᠯᠡᠳᠦᠯ ᠢ ᠪᠠᠳᠠᠷᠠᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠮᠠᠭᠤ | ᠰᠤᠷᠲᠠᠯ ᠢ ᠲᠦᠷᠦᠭᠦᠯᠡᠨ ᠬᠤᠷᠢᠭᠯᠠᠵᠤ᠂ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠲᠦᠷᠢᠮ ᠤᠨ ᠤᠬᠠᠮᠰᠠᠷ ᠢᠶᠠᠨ | ᠦᠨᠡᠨ ᠬᠦ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠵᠦ᠂ ᠲᠦᠷᠦᠭᠦᠯᠡᠨ ᠠᠷᠢᠭᠤᠨ | ᠴᠢᠬᠡᠴᠢ ᠶᠠᠪᠤᠯᠴᠠᠵᠤ᠂ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠪᠠ ᠨᠡᠶᠢᠭᠡᠮ ᠤᠨ ᠬᠡᠪ ᠰᠤᠷᠲᠠᠯ ᠢ ᠪᠣᠶ | ᠪᠣᠯᠭᠠᠬᠤ ᠪᠠ ᠬᠠᠮᠠᠭᠠᠯᠠᠬᠤ ᠬᠡᠷᠡᠭᠲᠡᠶ ᠭᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |