︽ᠡᠨᠡ ᠬᠦ ᠶᠠᠳᠠᠭᠤ ᠡᠷᠦᠬᠡ ᠶᠢ ᠳᠠᠷᠠᠭᠠᠴᠢ ᠶᠢᠨ ᠠᠯᠬᠤᠮ ᠢᠶᠠᠷ ᠶᠠᠮᠠᠷ ᠠᠷᠭ᠎ᠠ ᠬᠡᠮᠵᠢᠶ᠎ᠡ ᠠᠪᠬᠤ ᠭᠡᠵᠦ ᠪᠠᠶᠢᠬᠤ ᠪᠤᠢ︖ | ᠡᠶᠢᠮᠦᠷᠬᠦᠦ ᠪᠠᠶᠢᠳᠠᠯ ᠲᠣᠰ ᠰᠢᠶᠠᠨ ᠳᠤ ᠪᠠᠰᠠ ᠬᠡᠳᠦᠢ ᠪᠠᠶᠢᠬᠤ ᠪᠤᠢ︖︾ ᠭᠡᠵᠦ ᠠᠰᠠᠭᠤᠪᠠ᠃ | ︽ᠲᠡᠳᠡᠨ ᠤ ᠬᠢᠨ ᠭᠤᠣᠯᠳᠠᠭᠤ ︿ᠭᠤᠷᠪᠠ ᠶᠢ ᠪᠠᠲᠤᠯᠠᠬᠤ﹀ ᠠᠰᠠᠭᠤᠳᠠᠯ ᠨᠡᠯᠢᠶᠡᠳ ᠲᠣᠪᠤᠶᠢᠮ᠎ᠠ ᠪᠠᠶᠢᠵᠤ᠂ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠪᠠᠷᠤᠭᠲᠠᠢ ᠪᠣᠯᠬᠤᠷ ᠨᠤᠲᠤᠭ ᠰᠢᠯᠵᠢᠭᠦᠯᠦᠨ ᠶᠠᠳᠠᠭᠤ ᠶᠢ ᠲᠡᠳᠬᠦᠬᠦ ᠠᠷᠭ᠎ᠠ | ᠬᠡᠷᠡᠭᠯᠡᠬᠦ ᠪᠠᠷ ᠪᠠᠶᠢᠨ᠎ᠠ᠃ ᠡᠨᠡ ᠬᠦ ᠪᠠᠶᠢᠳᠠᠯ ᠪᠦᠬᠦ ᠰᠢᠶᠠᠨ ᠳᠤ ᠪᠠᠰᠠ 115 ᠪᠠᠶᠢᠭᠠᠯᠢ ᠶᠢᠨ ᠠᠶᠢᠯ ᠲᠣᠰᠬᠤᠨ᠂ 3537 | ᠬᠥᠮᠥᠨ ᠪᠠᠶᠢᠨ᠎ᠠ︾᠃ | 2017 ᠣᠨ ᠤ 6 ᠳ᠋ᠤᠭᠠᠷ ᠰᠠᠷ᠎ᠠ ᠶᠢᠨ 21 ᠤ ᠡᠳᠦᠷ᠂ ᠵᠤᠨ ᠤ ᠲᠦᠢᠯ᠃ ᠲᠤᠰ ᠡᠳᠦᠷ ᠤᠨ ᠦᠳᠡ ᠶᠢᠨ | ᠬᠤᠶᠢᠨ᠎ᠠ᠂ ᠱᠠᠨ ᠰᠢ ᠶᠢᠨ ᠺᠧ ᠯᠠᠨ ᠰᠢᠶᠠᠨ ᠤ ᠵᠤᠤ ᠵᠢᠶᠠ ᠸᠠ ᠲᠣᠰᠬᠤᠨ ᠤ ᠠᠷᠠᠳ ᠯᠢᠦ ᠹᠦ᠋ ᠶᠢᠦ ᠶᠢᠨ ᠭᠡᠷ ᠲᠤ ᠨᠢᠭᠡ | ᠤᠳᠠᠭ᠎ᠠ ᠶᠢᠨ ᠶᠠᠷᠢᠯᠴᠠᠭ᠎ᠠ ᠶᠠᠪᠤᠭᠳᠠᠪᠠ᠃ ᠲᠤᠬᠠᠢ ᠶᠢᠨ ᠭᠠᠵᠠᠷ ᠤᠨ ᠺᠠᠳ᠋ᠷᠴᠤᠳ ᠠᠴᠠ ᠠᠰᠠᠭᠤᠵᠤ ᠪᠠᠶᠢᠭᠰᠠᠨ ᠬᠥᠮᠥᠨ ᠪᠣᠯ | ᠶᠠᠭ ᠶᠡᠷᠦᠩᠬᠡᠢ ᠱᠦᠵᠢ ᠰᠢ ᠶᠢᠨ ᠫᠢᠩ ᠪᠣᠯᠣᠨ᠎ᠠ᠃ | ᠡᠨᠡ ᠤᠳᠠᠭ᠎ᠠ ᠶᠢᠨ ᠯᠢᠦᠢ ᠯᠢᠶᠠᠩ ᠳᠠᠬᠢ ᠠᠶᠢᠯᠴᠢᠯᠠᠯᠲᠠ ᠪᠠᠨ ᠶᠡᠷᠦᠩᠬᠡᠢ ᠱᠦᠵᠢ ᠪᠣᠯᠵᠤᠭ᠎ᠠ ᠶᠣᠰᠣᠭᠠᠷ ᠬᠢᠭᠰᠡᠨ | ᠪᠠᠶᠢᠯ᠎ᠠ᠃ | ᠭᠤᠷᠪᠠᠨ ᠰᠠᠷ᠎ᠠ ᠭᠠᠷᠤᠢ ᠶᠢᠨ ᠡᠮᠦᠨ᠎ᠡ᠂ ᠲᠡᠷᠡ 2017 ᠣᠨ ᠤ ᠪᠦᠬᠦ ᠤᠯᠤᠰ ᠤᠨ ᠬᠤᠶᠠᠷ ᠬᠤᠷᠠᠯ ᠳᠤ | ᠣᠷᠣᠯᠴᠠᠬᠤ ᠳᠤ ᠪᠠᠨ᠄ ︽ᠪᠦᠬᠦ ᠤᠯᠤᠰ ᠤᠨ ᠲᠥᠪᠯᠡᠷᠡᠨ ᠵᠠᠯᠭᠠᠯᠳᠤᠭᠰᠠᠨ ᠣᠨᠴᠠ ᠶᠠᠳᠠᠭᠤ ᠬᠦᠴᠢᠷᠳᠡᠯᠲᠡᠢ ᠭᠠᠵᠠᠷ | ᠣᠷᠣᠨ ᠳᠤ᠂ ᠪᠢ ᠣᠯᠠᠩᠬᠢ ᠳᠤ ᠨᠢ ᠪᠦᠷ ᠣᠴᠢᠵᠤ ᠥᠩᠭᠡᠷᠡᠵᠡᠢ᠂ ᠣᠴᠢᠵᠤ ᠥᠩᠭᠡᠷᠡᠭᠰᠡᠨ ᠦᠭᠡᠢ ᠯᠢᠦᠢ ᠯᠢᠶᠠᠩ ᠪᠠ | ᠯᠢᠶᠠᠩᠱᠠᠨ ᠠᠭᠤᠯᠠᠨ ᠳᠤ ᠠᠯᠢ ᠲᠦᠷᠭᠡᠨ ᠢᠶᠠᠷ ᠣᠴᠢᠨ᠎ᠠ︾ ᠭᠡᠵᠦ ᠬᠡᠯᠡᠪᠡ᠃ | | 2017 ᠣᠨ ᠤ 6 ᠳ᠋ᠤᠭᠠᠷ ᠰᠠᠷ᠎ᠠ ᠶᠢᠨ 21 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠱᠠᠨ ᠰᠢ ᠶᠢᠨ ᠺᠧ ᠯᠠᠨ | ᠰᠢᠶᠠᠨ ᠤ ᠵᠤᠤ ᠵᠢᠶᠠ ᠸᠠ ᠲᠣᠰᠬᠤᠨ ᠳᠤ ᠬᠦᠷᠴᠦ ᠶᠠᠳᠠᠭᠤ ᠬᠦᠴᠢᠷᠳᠡᠯᠲᠡᠢ ᠲᠣᠰᠬᠤᠨ ᠤ ᠠᠷᠠᠳ ᠼᠤᠤ ᠯᠢᠦ ᠷᠧᠨ ᠢ | ᠪᠣᠯᠭᠤᠭᠠᠨ ᠦᠵᠡᠪᠡ᠃ | ᠵᠤᠤ ᠵᠢᠶᠠ ᠸᠠ ᠲᠣᠰᠬᠤᠨ ᠯᠢᠦᠢ ᠯᠢᠶᠠᠩ ᠠᠭᠤᠯᠠᠨ ᠤ ᠭᠦᠨ ᠳᠤ ᠪᠠᠶᠢᠷᠢᠯᠠᠵᠤ᠂ ᠬᠥᠷᠥᠰᠥ ᠰᠢᠷᠣᠢ ᠲᠠᠴᠢᠷ ᠨᠢᠮᠭᠡᠨ᠂ | ᠠᠮᠢᠳᠤᠷᠠᠬᠤ ᠣᠷᠴᠢᠨ ᠨᠥᠬᠦᠴᠡᠯ ᠮᠠᠰᠢ ᠮᠠᠭᠤ ᠪᠠᠶᠢᠪᠠ᠃ | ᠡᠶᠢᠮᠦᠷᠬᠦᠦ ︽ᠨᠢᠭᠡ ᠭᠠᠵᠠᠷ ᠤᠨ ᠤᠰᠤ ᠬᠥᠷᠥᠰᠥ ᠨᠢ ᠨᠢᠭᠡ ᠭᠠᠵᠠᠷ ᠤᠨ ᠬᠥᠮᠥᠨ ᠢᠶᠠᠨ ᠰᠠᠶᠢᠲᠤᠷ ᠲᠡᠵᠢᠭᠡᠵᠦ | ᠳᠡᠶᠢᠯᠬᠦ ᠦᠭᠡᠢ︾ ᠪᠠᠶᠢᠳᠠᠭ ᠭᠠᠵᠠᠷ ᠣᠷᠣᠨ ᠠᠴᠠ ᠪᠦᠬᠦ ᠲᠣᠰᠬᠤᠨ ᠢᠶᠠᠷ ᠨᠢ ᠨᠡᠭᠦᠯᠭᠡᠬᠦ ᠳᠤ᠂ ᠬᠠᠮᠢᠭᠠᠰᠢ ᠪᠠᠨ ᠨᠡᠭᠦᠯᠭᠡᠬᠦ᠂ | ᠵᠣᠭᠤᠰ ᠢ ᠬᠠᠮᠢᠭ᠎ᠠ ᠠᠴᠠ ᠴᠤᠭᠯᠠᠭᠤᠯᠬᠤ᠂ ᠰᠢᠯᠵᠢᠭᠦᠯᠬᠦ ᠭᠠᠵᠠᠷ ᠢ ᠨᠢ ᠬᠠᠮᠢᠭ᠎ᠠ ᠲᠣᠬᠢᠷᠠᠭᠤᠯᠬᠤ᠂ ᠭᠡᠷ ᠪᠠᠶᠢᠰᠢᠩ ᠢ ᠬᠡᠷᠬᠢᠨ | ᠪᠠᠷᠢᠬᠤ᠂ ᠣᠷᠣᠯᠭ᠎ᠠ ᠶᠢ ᠨᠢ ᠬᠡᠷᠬᠢᠨ ᠨᠡᠮᠡᠭᠳᠡᠭᠦᠯᠬᠦ᠂ ᠠᠮᠢ ᠠᠬᠤᠢ ᠶᠢ ᠬᠡᠷᠬᠢᠨ ᠬᠠᠮᠠᠭᠠᠯᠠᠬᠤ᠂ ᠰᠢᠨ᠎ᠡ ᠲᠣᠰᠬᠤᠨ ᠢ ᠬᠡᠷᠬᠢᠨ | ᠬᠠᠮᠢᠶᠠᠷᠬᠤ ᠵᠡᠷᠭᠡ ᠠᠯᠢ ᠤᠯᠠᠨ ᠪᠣᠳᠠᠲᠠᠢ ᠠᠰᠠᠭᠤᠳᠠᠯ ᠨᠢ ᠴᠥᠮ ᠶᠡᠷᠦᠩᠬᠡᠢ ᠱᠦᠵᠢ ᠶᠢᠨ ᠠᠩᠬᠠᠷᠤᠯ ᠲᠠᠯᠪᠢᠵᠤ ᠪᠠᠶᠢᠭ᠎ᠠ | ᠶᠠᠪᠤᠳᠠᠯ ᠪᠣᠯᠣᠨ᠎ᠠ᠃ | ᠲᠤᠬᠠᠢ ᠶᠢᠨ ᠡᠳᠦᠷ ᠤᠨ ᠣᠷᠣᠢ᠂ ᠶᠡᠷᠦᠩᠬᠡᠢ ᠱᠦᠵᠢ ᠪᠣᠷᠣᠭᠠᠨ ᠤ ᠳᠤᠮᠳᠠ ᠣᠨᠳᠣᠣ ᠭᠠᠵᠠᠷ ᠲᠤ ᠨᠡᠭᠦᠯᠭᠡᠨ | ᠶᠠᠳᠠᠭᠤ ᠶᠢ ᠲᠡᠳᠬᠦᠬᠦ ᠪᠠᠷ ᠨᠢᠭᠡᠨᠲᠡ ᠪᠠᠷᠢᠭᠰᠠᠨ ᠲᠥᠪᠯᠡᠷᠡᠭᠦᠯᠦᠨ ᠲᠥᠪᠬᠢᠨᠡᠭᠦᠯᠬᠦ ᠭᠠᠵᠠᠷ — ᠱᠠᠨ ᠰᠢ ᠶᠢᠨ ᠺᠧ ᠯᠠᠨ | ᠰᠢᠶᠠᠨ ᠤ ᠰᠦᠩ ᠵᠢᠶᠠ ᠭᠧᠦ ᠰᠢᠨ᠎ᠡ ᠲᠣᠰᠬᠤᠨ ᠳᠤ ᠬᠦᠷᠴᠦ ᠢᠷᠡᠪᠡ᠃ | ᠬᠠᠷᠠᠭ᠎ᠠ ᠲᠣᠰᠣᠭᠰᠠᠨ ᠭᠠᠵᠠᠷ᠂ ᠠᠯᠢ ᠣᠯᠠᠨ ᠬᠥᠬᠡᠷᠡᠭᠰᠡᠨ ᠪᠠᠷᠢᠯᠭ᠎ᠠ ᠨᠤᠭᠤᠳ ᠵᠢᠭᠳᠡᠷᠡᠨ ᠲᠠᠷᠬᠠᠵᠤ᠂ ᠪᠦᠬᠦ᠋ᠢᠯᠡ | ᠲᠣᠰᠬᠤᠨ ᠢᠶᠠᠷ ᠢᠶᠠᠨ ᠣᠨ ᠵᠢᠯ ᠤᠳᠠᠭᠰᠠᠨ ᠪᠣᠷᠣᠭᠵᠢᠭᠤᠨ ᠪᠠᠶᠢᠳᠠᠯ ᠲᠠᠢ ᠪᠥᠭᠡᠳ ᠨᠠᠮ ᠵᠢᠮ ᠪᠠᠶᠢᠪᠠ᠃ ᠠᠳᠡ | ᠰᠤᠷᠭᠠᠭᠤᠯᠢ᠂ ᠡᠷᠡᠭᠦᠯ ᠬᠠᠮᠠᠭᠠᠯᠠᠯ ᠤᠨ ᠬᠤᠷᠢᠶ᠎ᠠ᠂ ᠰᠣᠶᠣᠯ ᠤᠨ ᠲᠠᠯᠠᠪᠠᠶ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠬᠡᠮᠵᠢ ᠪᠦᠷᠢᠨ ᠲᠥᠬᠦᠷ ᠪᠠᠶᠢᠨ᠎ᠠ︔ ᠴᠠᠷᠳᠠᠮᠠᠯ ᠵᠠᠮ᠂ ᠲᠦᠭᠡᠭᠡᠯ ᠤᠰᠤ᠂ ᠥᠷᠭᠡᠨ ᠪᠦᠰᠡᠲᠦ ᠰᠦᠯᠵᠢᠶ᠎ᠡ ᠵᠡᠷᠭᠡ | ᠰᠠᠭᠤᠷᠢ ᠪᠡᠯᠡᠳᠬᠡᠮᠵᠢ ᠨᠡᠯᠢᠶᠡᠳ ᠪᠦᠷᠢᠨ ᠭᠦᠢᠴᠡᠳ ᠪᠠᠶᠢᠨ᠎ᠠ᠃ | ᠰᠦᠩ ᠵᠢᠶᠠ ᠭᠧᠦ ᠰᠢᠨ᠎ᠡ ᠲᠣᠰᠬᠤᠨ ᠤ ᠰᠠᠶᠢᠬᠠᠨ ᠦᠵᠡᠮᠵᠢ ᠨᠢ ᠵᠤᠤ ᠵᠢᠶᠠ ᠸᠠ ᠲᠣᠰᠬᠤᠨ ᠤ ᠬᠠᠭᠤᠴᠢᠨ | ᠲᠥᠷᠬᠦ ᠲᠠᠢ ᠢᠯᠡ ᠲᠣᠳᠣ ᠬᠠᠷᠢᠴᠠᠭᠤᠯᠤᠯ ᠪᠣᠯᠤᠭᠰᠠᠨ ᠪᠠᠶᠢᠨ᠎ᠠ᠃ | ᠰᠢᠨ᠎ᠡ ᠰᠠᠭᠤᠴᠠ ᠳᠤ ᠨᠡᠭᠦᠵᠦ ᠣᠷᠣᠭᠰᠠᠨ ᠶᠠᠳᠠᠭᠤ ᠬᠦᠴᠢᠷᠳᠡᠯᠲᠡᠢ ᠡᠷᠦᠬᠡ ᠵᠠᠩ ᠬᠦᠢ ᠮᠢᠩ ᠤᠨ ᠭᠡᠷ ᠲᠤ᠂ | ᠶᠡᠷᠦᠩᠬᠡᠢ ᠱᠦᠵᠢ ᠥᠷᠥᠭᠡ ᠳᠠᠷᠠᠭᠠᠯᠠᠨ ᠪᠠᠶᠢᠴᠠᠭᠠᠨ ᠦᠵᠡᠬᠦ ᠳᠤ ᠪᠠᠨ᠄ ︽ᠡᠨᠡ ᠪᠣᠯ ᠤᠨᠲᠠᠬᠤ ᠦᠷᠦᠭᠡ᠂ ᠳᠣᠲᠣᠷ᠎ᠠ ᠨᠢ | ᠪᠠᠰᠠ ᠵᠣᠷᠯᠣᠩ ᠲᠠᠢ᠂ ᠤᠰᠤ ᠰᠦᠷᠴᠢᠬᠦ ᠵᠣᠷᠯᠣᠩ ᠤᠨ ᠰᠠᠭᠤᠯᠲᠠᠭᠤᠷ ᠬᠡᠷᠡᠭᠯᠡᠭᠰᠡᠨ ᠪᠠᠶᠢᠨ᠎ᠠ︾ ᠭᠡᠪᠡ᠃ ᠲᠡᠷᠡ | ᠲᠤᠬᠠᠢ ᠶᠢᠨ ᠭᠠᠵᠠᠷ ᠤᠨ ᠺᠠᠳ᠋ᠷᠴᠤᠳ ᠲᠤ᠂ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠪᠣᠯ ᠨᠢᠭᠡᠳᠦᠭᠡᠷ ᠠᠯᠬᠤᠮ | ᠮᠥᠨ᠂ ᠪᠠᠰᠠ ᠣᠯᠠᠨ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠢ | ᠣᠯᠠᠨ ᠲᠦᠮᠡᠨ ᠢ ᠨᠡᠭᠦᠯᠭᠡᠵᠦ ᠳᠡᠶᠢᠯᠬᠦ᠂ ᠲᠣᠭᠲᠠᠭᠤᠨ ᠪᠠᠶᠢᠯᠭᠠᠵᠤ ᠳᠡᠶᠢᠯᠬᠦ᠂ ᠠᠯᠬᠤᠮ ᠠᠯᠬᠤᠮ ᠢᠶᠠᠷ ᠪᠠᠶᠠᠵᠢᠭᠤᠯᠵᠤ | ᠳᠡᠶᠢᠯᠬᠦ ᠪᠣᠯᠭᠠᠵᠤ᠂ ᠦᠨᠡᠨ ᠬᠦ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠬᠦ ᠬᠡᠷᠡᠭᠲᠡᠢ ᠭᠡᠵᠦ ᠵᠠᠬᠢᠪᠠ᠃ | ᠶᠡᠷᠦᠩᠬᠡᠢ ᠱᠦᠵᠢ ᠰᠢ ᠶᠢᠨ ᠫᠢᠩ ᠨᠤᠲᠤᠭ ᠰᠢᠯᠵᠢᠭᠦᠯᠦᠨ ᠶᠠᠳᠠᠭᠤ ᠶᠢ ᠲᠡᠳᠬᠦᠬᠦ ᠶᠢ ᠠᠩᠬᠠᠷᠤᠭᠰᠠᠭᠠᠷ ᠢᠷᠡᠵᠡᠶ᠃ | ᠲᠡᠭᠦᠨ ᠤ ᠹᠦᠵᠢᠶᠠᠨ ᠳᠤ ᠠᠷᠠᠳ ᠢ ᠨᠡᠭᠦᠯᠭᠡᠬᠦ ᠢᠨᠵᠧᠨᠧᠷᠢᠩ ᠢ ᠬᠠᠶᠢᠨ ᠰᠦᠪᠡᠭᠴᠢᠯᠡᠬᠦ ᠦᠶ᠎ᠡ ᠳᠤ ᠶᠠᠷᠢᠭᠰᠠᠨ ᠨᠢᠭᠡ | ᠪᠠᠳᠠᠭ ᠦᠭᠡ ᠨᠢ ᠤᠳᠤ ᠪᠣᠯᠲᠠᠯ᠎ᠠ ᠬᠥᠮᠥᠰ ᠲᠤ ᠭᠦᠨ ᠰᠡᠳᠬᠢᠭᠳᠡᠯ ᠲᠥᠷᠥᠭᠦᠯᠵᠦ ᠪᠠᠶᠢᠨ᠎ᠠ᠄ ︽ᠡᠷᠲᠡᠨ ᠤ ᠬᠥᠮᠥᠰ ᠤᠨ | ᠬᠡᠯᠡᠭᠰᠡᠨᠴᠢᠯᠡᠨ ︿ᠠᠷᠠᠳ ᠢ ᠬᠠᠶᠢᠷᠠᠯᠠᠬᠤ ᠠᠴᠠ ᠢᠯᠡᠭᠦᠦ ᠬᠤᠯᠠ ᠶᠢᠨ ᠪᠣᠳᠣᠯ ᠭᠡᠵᠦ ᠦᠯᠦ ᠪᠠᠶᠢᠨᠠᠮ᠂ ᠠᠷᠠᠳ ᠢ | ᠪᠠᠶᠠᠰᠬᠠᠬᠤ ᠠᠴᠠ ᠢᠯᠡᠭᠦᠦ ᠤᠴᠢᠷ ᠶᠠᠪᠤᠳᠠᠯ ᠭᠡᠵᠦ ᠦᠯᠦ ᠪᠠᠶᠢᠨᠠᠮ﹀᠂ ᠤᠯᠠᠨ ᠲᠦᠮᠡᠨ ᠤ ᠠᠮᠢᠳᠤᠷᠠᠯ ᠡᠶᠢᠮᠦ ᠬᠦᠴᠢᠷ | ᠪᠡᠷᠬᠡᠰᠢᠶᠡᠯ ᠲᠠᠢ ᠪᠠᠶᠢᠬᠤ ᠶᠢ ᠣᠯᠵᠤ ᠬᠠᠷᠠᠭᠰᠠᠨ ᠮᠠᠨ ᠤ ᠡᠪ ᠬᠠᠮᠲᠤᠴᠤᠳ ᠨᠡᠩ ᠴᠤ ᠤᠨᠲᠠᠬᠤ ᠳᠤ ᠨᠦᠢᠷ ᠦᠭᠡᠢ᠂ | ᠬᠤᠭᠤᠯᠠᠯᠠᠬᠤ ᠳᠤ ᠳᠤᠷᠠᠰᠢᠯ ᠦᠭᠡᠢ ᠰᠠᠨᠠᠭᠳᠠᠬᠤ ᠶᠣᠰᠣᠲᠠᠢ︕︾ | ᠱᠠᠨ ᠰᠢ ᠶᠢᠨ ᠯᠢᠦᠢ ᠯᠢᠶᠠᠩ ᠳᠠᠬᠢ ᠠᠶᠠᠯᠠᠯ ᠢᠶᠠᠨ ᠳᠠᠭᠤᠰᠬᠠᠭᠠᠳ ᠳᠡᠮᠡᠢ ᠤᠳᠠᠭᠰᠠᠨ ᠦᠭᠡᠢ᠂ ᠶᠡᠷᠦᠩᠬᠡᠢ ᠱᠦᠵᠢ | ᠪᠠᠰᠠ ᠪᠣᠯᠵᠤᠭ᠎ᠠ ᠪᠠᠨ ᠭᠦᠢᠴᠡᠳᠬᠡᠬᠦ ᠪᠠᠷ ᠳ᠋ᠡ ᠯᠢᠶᠠᠩ ᠱᠠᠨ ᠠᠭᠤᠯᠠᠨ ᠤ ᠥᠷᠥᠴᠡᠨ ᠳᠤ ᠬᠦᠷᠴᠡᠢ᠃ | ᠰᠧᠴᠤᠸᠠᠨ ᠤ ᠵᠤᠤ ᠵᠢᠤᠸᠠᠢ ᠰᠢᠶᠠᠨ ᠤ ᠰᠠᠨ ᠾᠧ ᠲᠣᠰᠬᠤᠨ ᠳᠤ᠂ ᠲᠡᠷᠡ ᠲᠤᠬᠠᠢ ᠶᠢᠨ ᠭᠠᠵᠠᠷ ᠤᠨ | ᠺᠠᠳ᠋ᠷᠴᠤᠳ ᠠᠴᠠ᠄ ︽︿ᠬᠠᠳᠠᠨ ᠡᠷᠭᠢ ᠳᠠᠬᠢ ᠲᠣᠰᠬᠤᠨ﹀ ᠨᠢ ᠲᠠᠨ ᠤ ᠰᠢᠶᠠᠨ ᠤ ᠬᠢ ᠮᠥᠨ ᠦᠦ︖ ᠨᠤᠲᠤᠭ | ᠰᠢᠯᠵᠢᠭᠦᠯᠦᠨ ᠶᠠᠳᠠᠭᠤ ᠶᠢ ᠲᠡᠳᠬᠦᠬᠦ ᠶᠢ ᠬᠡᠷᠬᠢᠨ ᠬᠢᠬᠦ ᠪᠠᠷ ᠪᠡᠯᠡᠳᠬᠡᠵᠦ ᠪᠠᠶᠢᠬᠤ ᠪᠤᠢ︖︾ ᠲᠤᠬᠠᠢ ᠶᠢᠨ | ᠭᠠᠵᠠᠷ ᠤᠨ ᠬᠢᠨ ︽ᠬᠠᠳᠠᠨ ᠡᠷᠭᠢ ᠳᠠᠬᠢ ᠲᠣᠰᠬᠤᠨ︾ ᠢ ᠪᠠᠭᠲᠠᠭᠠᠭᠰᠠᠨ ᠲᠣᠰᠬᠤᠨ ᠢ ᠨᠡᠭᠦᠯᠭᠡᠬᠦ ᠪᠠᠨ ᠵᠥᠪᠯᠡᠬᠦ | ᠵᠦᠢᠯ ᠳᠤ ᠪᠠᠨ ᠣᠷᠣᠭᠤᠯᠤᠭᠰᠠᠨ ᠢ ᠰᠣᠨᠣᠰᠤᠭᠠᠳ ᠶᠡᠷᠦᠩᠬᠡᠢ ᠱᠦᠵᠢ ᠮᠠᠰᠢ ᠪᠠᠶᠠᠷᠯᠠᠭᠠᠳ᠂ ᠪᠡᠶ᠎ᠡ ᠶᠢᠨ ᠳᠡᠷᠭᠡᠳᠡᠬᠢ | ᠠᠵᠢᠯᠲᠠᠳ ᠲᠤ ᠪᠠᠨ ᠲᠥᠯᠦᠪᠵᠢᠭᠦᠯᠭᠡ ᠶᠢᠨ ᠵᠢᠷᠤᠭ ᠢ ᠠᠪᠤᠭᠠᠳ ᠶᠠᠪᠤᠭᠠᠴᠢ᠂ ︽ᠪᠢ ᠨᠢᠭᠡ ᠦᠵᠡᠵᠦ ᠦᠵᠡᠶ᠎ᠡ︾ ᠭᠡᠵᠦ | ᠵᠠᠬᠢᠪᠠ᠃ | ᠶᠡᠷᠦᠩᠬᠡᠢ ᠱᠦᠵᠢ ᠨᠤᠲᠤᠭ ᠰᠢᠯᠵᠢᠭᠦᠯᠦᠨ ᠶᠠᠳᠠᠭᠤ ᠶᠢ ᠲᠡᠳᠬᠦᠬᠦ ᠳᠤ ︽ᠤᠷᠢᠳ ᠢᠶᠠᠷ ᠲᠥᠯᠥᠪᠵᠢᠭᠦᠯᠵᠦ᠂ ᠣᠯᠠᠨ | ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠬᠦ ᠬᠡᠷᠡᠭᠲᠡᠢ︾ ᠭᠡᠵᠦ ᠱᠠᠭᠠᠷᠳᠠᠪᠠ᠃ ᠨᠢᠭᠡ ᠤᠳᠠᠭ᠎ᠠ ᠶᠢᠨ ᠬᠤᠷᠠᠯ ᠳᠡᠭᠡᠷ᠎ᠡ᠂ | ᠲᠡᠷᠡ ᠵᠠᠷᠢᠮ ᠭᠠᠵᠠᠷ ᠤᠨ ᠬᠢᠨ ᠪᠣᠳᠠᠲᠠᠢ ᠪᠠᠶᠢᠳᠠᠯ ᠢ ᠬᠠᠶᠢᠬᠤᠷᠬᠤ ᠦᠭᠡᠢ᠂ ᠨᠡᠭᠦᠯᠭᠡᠬᠦ ᠶᠢᠨ ᠲᠥᠯᠥᠭᠡ ᠨᠡᠭᠦᠯᠭᠡᠵᠦ᠂ ︽ | ᠬᠠᠮᠢᠭ᠎ᠠ ᠨᠡᠭᠦᠯᠭᠡᠬᠦ᠂ ᠨᠡᠭᠦᠯᠭᠡᠭᠰᠡᠨ ᠤ ᠲᠠᠷᠠᠭ᠎ᠠ ᠶᠠᠭᠤ ᠬᠢᠬᠦ᠂ ᠨᠡᠭᠦᠯᠭᠡᠭᠰᠡᠨ ᠤ ᠲᠠᠷᠠᠭ᠎ᠠ ᠣᠷᠣᠯᠭ᠎ᠠ ᠨᠢ ᠬᠠᠮᠢᠭ᠎ᠠ ᠠᠴᠠ ᠢᠷᠡᠬᠦ | ︾ ᠶᠢ ᠨᠢᠭᠡᠳᠦᠯᠲᠡᠢ ᠲᠥᠯᠥᠪᠯᠡᠭᠰᠡᠨ ᠦᠭᠡᠢ᠂ ᠪᠦᠬᠦ ᠲᠠᠯ᠎ᠠ ᠶᠢᠨ ᠪᠣᠳᠣᠯᠬᠢᠯᠠᠯ ᠳᠤᠲᠠᠮᠠᠭ ᠪᠠᠶᠢᠨ᠎ᠠ ᠭᠡᠵᠦ ᠲᠥᠪ ᠴᠢᠩᠭ᠎ᠠ ᠪᠠᠷ | ᠰᠢᠭᠦᠮᠵᠢᠯᠡᠪᠡ᠃ | ᠨᠢᠭᠡᠨ ᠤᠳᠠᠭ᠎ᠠ᠂ ᠲᠡᠷᠡ ᠵᠦᠰᠡᠷ ᠪᠣᠷᠣᠭᠠᠨ ᠤ ᠳᠤᠮᠳᠠᠭᠤᠷ ᠰᠢᠪᠠᠷ ᠪᠠᠯᠴᠢᠭ ᠢ ᠭᠢᠰᠬᠢᠨ ᠨᠡᠭᠦᠳᠡᠯ ᠠᠷᠠᠳ ᠤᠨ ᠰᠢᠨ᠎ᠡ | ᠲᠣᠰᠬᠤᠨ ᠤ ᠪᠠᠷᠢᠯᠭ᠎ᠠ ᠶᠢᠨ ᠭᠠᠵᠠᠷ ᠲᠤ ᠬᠥᠷᠪᠡ᠃ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠲᠤᠬᠠᠢ ᠶᠢᠨ ᠭᠠᠵᠠᠷ ᠤᠨ | ᠺᠠᠳ᠋ᠷ ᠡᠷᠭᠢᠴᠡᠭᠦᠯᠬᠦ ᠳᠤ ᠪᠠᠨ᠄ ︽ᠶᠡᠷᠦᠩᠬᠡᠢ ᠱᠦᠵᠢ ᠨᠡᠭᠦᠯᠭᠡᠨ ᠰᠢᠯᠵᠢᠭᠦᠯᠦᠭᠰᠡᠨ ᠣᠷᠣᠨ ᠰᠠᠭᠤᠴᠠ ᠶᠢᠨ ᠶᠠᠰᠤ ᠴᠢᠨᠠᠷ᠂ | ᠰᠢᠨ᠎ᠡ ᠲᠣᠰᠬᠤᠨ ᠤ ᠰᠠᠭᠤᠷᠢ ᠪᠡᠯᠡᠳᠬᠡᠮᠵᠢ ᠵᠢᠴᠢ ᠨᠡᠭᠦᠯᠭᠡᠭᠰᠡᠨ ᠤ ᠳᠠᠷᠠᠭᠠᠬᠢ ᠲᠣᠰᠬᠤᠨ ᠤ ᠠᠷᠠᠳ ᠤᠨ ᠠᠮᠢᠳᠤᠷᠠᠯ | ᠵᠡᠷᠭᠡ ᠶᠢ ᠲᠦᠢᠯ ᠢᠶᠠᠷ ᠬᠠᠯᠠᠮᠵᠢᠯᠠᠵᠤ᠂ ᠦᠵᠡᠬᠦ ᠶᠢᠨ ᠳᠠᠭᠠᠤ ᠬᠢᠨᠠᠮᠠᠭᠠᠢ ᠠᠰᠠᠭᠤᠨ ᠯᠠᠪᠯᠠᠵᠤ᠂ ᠮᠠᠰᠢ ᠭᠦᠢᠴᠡᠳ | ᠪᠣᠳᠣᠯᠬᠢᠯᠠᠭᠰᠠᠨ ᠪᠠᠶᠢᠵᠠᠢ︾ ᠭᠡᠪᠡ᠃ | | ᠳᠡᠭᠡᠷᠡᠬᠢ ᠵᠢᠷᠤᠭ ᠨᠢ 2016 ᠣᠨ ᠤ 11 ᠳ᠋ᠦ᠋ᠭᠡᠷ ᠰᠠᠷ᠎ᠠ ᠳᠤ ᠰᠡᠭᠦᠳᠡᠷᠯᠡᠭᠰᠡᠨ ᠶᠠᠳᠠᠭᠤ ᠠᠴᠠ ᠠᠩᠭᠢᠵᠢᠷᠠᠭᠤᠯᠬᠤ ᠠᠴᠠ | ᠡᠮᠦᠨᠡᠬᠢ ᠬᠥᠬᠡᠨᠠᠭᠤᠷ ᠤᠨ ᠬᠤ᠋ ᠵᠦ ᠶᠢᠨ ᠮᠣᠩᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠪᠠᠨᠶᠠᠨ ᠲᠣᠰᠬᠤᠨ ᠤ | ᠪᠠᠶᠢᠳᠠᠯ ᠪᠣᠯᠣᠨ᠎ᠠ᠂ ᠳᠣᠣᠷᠠᠬᠢ ᠵᠢᠷᠤᠭ ᠨᠢ 2019 ᠣᠨ ᠤ 9 ᠳ᠋ᠦ᠋ᠭᠡᠷ ᠰᠠᠷ᠎ᠠ ᠳᠤ ᠰᠡᠭᠦᠳᠡᠷᠯᠡᠭᠰᠡᠨ ᠬᠥᠬᠡᠨᠠᠭᠤᠷ ᠤᠨ ᠬᠤ᠋ | ᠵᠦ ᠶᠢᠨ ᠮᠣᠩᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠪᠠᠨᠶᠠᠨ ᠰᠢᠨ᠎ᠡ ᠲᠣᠰᠬᠤᠨ ᠤ ᠪᠠᠶᠢᠳᠠᠯ ᠪᠣᠯᠣᠨ᠎ᠠ᠃ | ᠬᠠᠲᠤᠨ ᠭᠤᠣᠯ ᠤᠨ ᠬᠥᠪᠡᠭᠡᠨ ᠳᠠᠬᠢ ᠰᠢᠨ᠎ᠡ ᠲᠣᠰᠬᠤᠨ — ᠨᠢᠩᠰᠢᠶᠠ ᠶᠢᠨ ᠦ᠋ ᠵᠦᠩ ᠬᠤᠳᠠ ᠶᠢᠨ ᠬᠤᠩ ᠳ᠋ᠧ | ᠲᠣᠰᠬᠤᠨ ᠳᠤ ᠬᠦᠷᠬᠦ ᠳᠤ᠂ ᠶᠡᠷᠦᠩᠬᠡᠢ ᠱᠦᠵᠢ ᠲᠣᠰᠬᠤᠨ ᠤ ᠪᠠᠨ ᠶᠠᠳᠠᠭᠤ ᠶᠢ ᠲᠡᠳᠬᠦᠬᠦ ᠦᠢᠯᠡᠳᠪᠦᠷᠢ ᠶᠢᠨ ᠳᠠᠰᠤᠭ ᠲᠤ | ᠲᠤᠰᠬᠠᠶᠢᠯᠠᠨ ᠬᠦᠷᠴᠦ᠂ ︽ᠨᠡᠭᠦᠯᠭᠡᠭᠡᠳ ᠬᠡᠳᠦᠨ ᠲᠠᠰᠤᠯᠭ᠎ᠠ ᠭᠤᠶᠤ ᠪᠠᠶᠢᠰᠢᠩ ᠪᠠᠷᠢᠪᠠᠯ ᠪᠣᠯᠴᠢᠬᠠᠬᠤ ᠶᠤᠮ ᠪᠢᠰᠢ︾ | ᠭᠡᠵᠦ ᠰᠢᠭᠤᠳ ᠬᠡᠯᠡᠪᠡ᠃ ᠲᠡᠷᠡ ᠠᠯᠤᠰ ᠢ ᠪᠣᠳᠣᠯᠬᠢᠯᠠᠵᠤ᠂ ᠨᠤᠲᠤᠭ ᠰᠢᠯᠵᠢᠭᠦᠯᠦᠨ ᠶᠠᠳᠠᠭᠤ ᠶᠢ ᠲᠡᠳᠬᠦᠬᠦ ᠤᠯᠠᠨ | ᠲᠦᠮᠡᠨ ᠢ ᠦᠷᠭᠦᠯᠵᠢᠯᠡᠨ ᠲᠡᠳᠬᠦᠬᠦ ᠠᠵᠢᠯ ᠢ ᠰᠠᠶᠢᠲᠤᠷ ᠬᠢᠵᠦ᠂ ᠤᠯᠠᠨ ᠠᠷᠭ᠎ᠠ ᠵᠠᠮ ᠢᠶᠠᠷ ᠠᠵᠢᠯ ᠣᠯᠭᠤᠯᠲᠠ ᠶᠢ | ᠠᠬᠢᠭᠤᠯᠵᠤ᠂ ᠨᠡᠶᠢᠭᠡᠮ ᠤᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠠᠭᠤᠰᠤᠯᠴᠠᠯ ᠢ ᠠᠬᠢᠭᠤᠯᠬᠤ ᠶᠢ ᠵᠣᠷᠢᠪᠠ᠃ | ᠥᠩᠭᠡᠷᠡᠭᠰᠡᠨ ᠤ ᠶᠠᠪᠤᠳᠠᠯ ᠤᠳ ᠨᠢᠳᠦᠨ ᠳᠤ ᠲᠣᠳᠣᠬᠠᠨ ᠬᠠᠷᠠᠭᠳᠠᠨ᠎ᠠ᠃ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ᠂ ︽ᠨᠢᠭᠡ ᠶᠢ ᠴᠦ ᠣᠷᠬᠢᠭᠳᠠᠭᠤᠯᠵᠤ | ᠪᠣᠯᠬᠤ ᠦᠭᠡᠢ︾ ᠭᠡᠬᠦ ᠡᠷᠡᠰ ᠴᠢᠩᠭ᠎ᠠ ᠲᠠᠩᠭᠠᠷᠢᠭ ᠳᠣᠣᠷ᠎ᠠ᠂ ︽ᠨᠤᠲᠤᠭ ᠰᠢᠯᠵᠢᠭᠦᠯᠦᠨ ᠶᠠᠳᠠᠭᠤ ᠶᠢ ᠲᠡᠳᠬᠦᠬᠦ ᠳᠤ | ᠮᠢᠩᠭᠠᠨ ᠲᠦᠮᠡ ᠰᠢᠬᠠᠮ ᠬᠥᠮᠥᠨ ᠢ ᠨᠡᠭᠦᠯᠭᠡᠨ᠎ᠡ᠂ ᠳᠤᠮᠳᠠ ᠵᠡᠷᠭᠡ ᠶᠢᠨ ᠤᠯᠤᠰ ᠤᠨ ᠬᠥᠮᠥᠨ ᠠᠮᠠ ᠲᠠᠢ ᠲᠡᠩᠴᠡᠵᠦ | ᠣᠴᠢᠮᠠᠷ︾᠃ | ᠵᠤᠤ ᠵᠢᠶᠠ ᠸᠠ ᠲᠣᠰᠬᠤᠨ ᠤ ᠪᠠᠶᠢᠭᠤᠯᠤᠮᠵᠢ ᠶᠢᠨ ᠳᠦᠷᠢᠮ ᠢ ᠬᠦᠴᠦᠨ ᠦᠭᠡᠢ ᠪᠣᠯᠭᠠᠵᠤ᠂ ᠲᠣᠰᠬᠤᠨ ᠤ ᠠᠷᠠᠳ ᠤᠨ | ᠵᠥᠪᠯᠡᠯ ᠤᠨ ᠬᠡᠳᠦᠨ ᠲᠠᠰᠤᠯᠭ᠎ᠠ ᠭᠡᠷ ᠪᠠᠶᠢᠰᠢᠩ ᠢ ᠦᠯᠡᠳᠡᠭᠡᠭᠰᠡᠨ ᠠᠴᠠ ᠭᠠᠳᠠᠨ᠎ᠠ ᠪᠤᠰᠤᠳ ᠪᠠᠷᠢᠯᠭ᠎ᠠ ᠶᠢ ᠴᠥᠮ ᠨᠤᠷᠠᠭᠠᠨ | ᠬᠠᠭᠠᠯᠪᠤᠷᠢᠯᠠᠵᠤ᠂ ᠭᠠᠩ ᠬᠠᠭᠰᠠᠷᠠᠭᠠᠨ ᠳᠤ ᠳᠠᠭᠠᠭᠠᠴᠠᠲᠠᠢ ᠨᠠᠷᠠᠰᠤ ᠪᠠ ᠬᠢᠲᠠᠳ ᠡᠮ ᠤᠨ ᠮᠠᠲ᠋ᠧᠷᠢᠶᠠᠯ ᠲᠠᠷᠢᠵᠦ᠂ ᠨᠡᠭᠦᠵᠦ | ᠶᠠᠪᠤᠭᠰᠠᠨ ᠨᠤᠲᠤᠭ ᠤᠨ ᠠᠬ᠎ᠠ ᠳᠡᠭᠦᠦ ᠨᠠᠷ ᠤᠨ ᠣᠷᠣᠯᠭ᠎ᠠ ᠶᠢ ᠨᠡᠮᠡᠭᠳᠡᠭᠦᠯᠪᠡ᠃ | ᠰᠦᠩ ᠵᠢᠶᠠ ᠭᠧᠦ ᠰᠢᠨ᠎ᠡ ᠲᠣᠰᠬᠤᠨ ᠴᠤ ᠦᠰᠦᠳ ᠥᠭᠡᠷ᠎ᠡ ᠰᠢᠨ᠎ᠡ ᠬᠤᠪᠢᠷᠠᠯ ᠲᠠᠢ ᠪᠣᠯᠵᠤ᠂ ᠡᠩ ᠤᠨ ᠨᠡᠭᠦᠳᠡᠯ | ᠠᠷᠠᠳ ᠤᠨ ᠰᠢᠨ᠎ᠡ ᠲᠣᠰᠬᠤᠨ ᠪᠠᠶᠢᠭᠰᠠᠨ ᠠᠴᠠ ᠪᠠᠨ ᠵᠤᠭᠠᠴᠠᠭᠰᠠᠳ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ | ᠢᠷᠡᠭᠰᠡᠨ 4A ᠳᠡᠰ ᠤᠨ ᠦᠵᠡᠮᠵᠢ ᠶᠢᠨ ᠣᠷᠣᠨ ᠪᠣᠯᠵᠠᠢ᠃ ᠲᠣᠰᠬᠤᠨ ᠤ ᠬᠠᠮᠲᠤ ᠶᠢᠨ ᠣᠷᠣᠯᠭ᠎ᠠ ᠪᠠᠷᠤᠭ ᠬᠤᠭᠤᠰᠤᠨ | ᠪᠠᠶᠢᠭᠰᠠᠨ ᠠᠴᠠ ᠪᠠᠨ ᠵᠠᠭᠤᠨ ᠲᠦᠮᠡᠨ ᠲᠥᠭᠦᠷᠢᠭ ᠤᠨ ᠪᠣᠭᠤᠮᠲᠠ ᠶᠢ ᠳᠠᠪᠠᠭ᠋ᠤ ᠪᠣᠯᠲᠠᠯ᠎ᠠ ᠲᠤᠯᠤᠭ᠎ᠠ ᠨᠠᠢᠮᠠᠬᠠᠨ ᠵᠢᠯ ᠤᠨ | ᠴᠠᠭ ᠵᠠᠷᠤᠴᠠᠭᠤᠯᠵᠠᠢ᠃ | ᠥᠩᠭᠡᠷᠡᠭᠰᠡᠨ ᠳᠤ ᠪᠠᠶᠢᠭᠠᠯᠢ ᠶᠢᠨ ᠨᠥᠬᠦᠴᠡᠯ ᠢᠶᠠᠷ ᠣᠨᠴᠠᠭᠠᠶ ᠮᠠᠭᠤ ᠭᠠᠵᠠᠷ ᠣᠷᠣᠨ ᠳᠤ ᠠᠮᠢᠳᠤᠷᠠᠵᠤ ᠪᠠᠶᠢᠭᠰᠠᠨ | ᠬᠥᠮᠥᠰ ᠰᠢᠨ᠎ᠡ ᠭᠡᠷ ᠣᠷᠣᠨ ᠳᠤ ᠪᠠᠨ ᠴᠣ ᠰᠢᠨ᠎ᠡ ᠠᠮᠢᠳᠤᠷᠠᠯ ᠢᠶᠠᠨ ᠡᠬᠢᠯᠡᠭᠦᠯᠪᠡ᠃ 2021 ᠣᠨ ᠠᠴᠠ ᠨᠠᠭᠠᠰᠢ᠂ ᠪᠦᠬᠦ | ᠤᠯᠤᠰ ᠤᠨ ᠨᠤᠲᠤᠭ ᠰᠢᠯᠵᠢᠭᠦᠯᠦᠨ ᠶᠠᠳᠠᠭᠤ ᠠᠴᠠ ᠠᠩᠭᠢᠵᠢᠷᠠᠭᠤᠯᠤᠭᠰᠠᠨ ᠬᠥᠳᠡᠯᠮᠦᠷᠢ ᠶᠢᠨ ᠬᠦᠴᠦᠨ ᠤ ᠠᠵᠢᠯ | ᠣᠯᠭᠤᠯᠲᠠ ᠶᠢᠨ ᠨᠤᠷᠮ᠎ᠠ ᠦᠷᠭᠦᠯᠵᠢᠯᠡᠨ 90% ᠠᠴᠠ ᠳᠡᠭᠡᠭᠰᠢ ᠪᠠᠶᠢᠬᠤ ᠶᠢ ᠪᠠᠲᠤᠯᠠᠭᠰᠠᠨ ᠪᠥᠭᠡᠳ ᠵᠢᠯ ᠳᠠᠷᠠᠭᠠᠯᠠᠨ | ᠨᠡᠮᠡᠭᠳᠡᠬᠦ ᠬᠠᠨᠳᠤᠰᠢ ᠲᠠᠢ ᠪᠣᠯᠪᠠ᠃ | ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ︽ᠨᠤᠲᠤᠭ ᠰᠢᠯᠵᠢᠭᠦᠯᠦᠭᠰᠡᠨ ᠤ ᠳᠠᠷᠠᠭᠠᠬᠢ | ᠲᠡᠳᠬᠦᠮᠵᠢ ᠶᠢ ᠴᠢᠩᠭᠠᠳᠬᠠᠨ᠎ᠠ︾ ᠭᠡᠵᠦ ᠲᠣᠳᠣᠷᠬᠠᠢ ᠳᠤᠷᠠᠳᠪᠠ᠃ ᠶᠠᠳᠠᠭᠤ ᠠᠴᠠ ᠠᠩᠭᠢᠵᠢᠷᠠᠭᠤᠯᠤᠭᠰᠠᠨ ᠨᠢ | ᠲᠡᠭᠦᠰᠬᠡᠯ ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠭᠠᠷᠤᠭ᠎ᠠ ᠮᠥᠨ᠂ ︽ᠨᠡᠭᠦᠯᠭᠡᠵᠦ ᠳᠡᠶᠢᠯᠬᠦ᠂ | ᠲᠣᠭᠲᠠᠪᠤᠷᠢᠵᠢᠭᠤᠯᠵᠤ ᠳᠡᠶᠢᠯᠬᠦ᠂ ᠪᠠᠶᠠᠵᠢᠭᠤᠯᠵᠤ ᠳᠡᠶᠢᠯᠬᠦ︾ ᠶᠢ ᠢᠮᠠᠭᠲᠠ ᠴᠢᠬᠤᠯᠠ ᠪᠠᠶᠢᠷᠢᠨ ᠳᠤ ᠲᠠᠯᠪᠢᠨ᠎ᠠ᠃ | ᠠᠯᠢᠪᠠ ᠪᠦᠬᠦᠨ ᠴᠥᠮ ᠬᠤᠪᠢᠷᠠᠵᠤ ᠪᠠᠶᠢᠨ᠎ᠠ᠃ ᠬᠤᠪᠢᠷᠠᠰᠢ ᠦᠭᠡᠢ ᠨᠢ ᠳᠤᠮᠳᠠᠳᠤ ᠤᠯᠤᠰ ᠤᠨ ᠡᠪ ᠬᠠᠮᠲᠤᠴᠤᠳ ᠤᠨ | ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯᠣᠨ᠎ᠠ᠃ |