ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠶ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠲᠥᠪ ᠤᠨ ᠭᠤᠷᠪᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ | ᠱᠠᠯᠠᠪᠳᠠᠭᠤᠯᠤᠨ ᠪᠠᠶᠢᠴᠠᠭᠠᠬᠤ ᠲᠠᠶᠢᠴᠢᠯᠠᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠭᠦᠸᠧ ᠢ ᠵᠢᠶᠧ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠦᠴᠦᠯᠡᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠣᠷᠣᠰᠢᠵᠤ ᠪᠠᠶᠢᠭ᠎ᠠ ᠲᠦᠭᠵᠢᠷᠡᠯ᠂ ᠬᠦᠴᠢᠷ ᠠᠰᠠᠭᠤᠳᠠᠯ ᠢ ᠠᠳᠬᠤᠵᠤ᠂ | ᠤᠷᠳᠤ ᠬᠤᠭᠤᠴᠠᠭ᠎ᠠ ᠪᠠᠷ ᠴᠢᠷᠮᠠᠶᠢᠨ ᠴᠥᠬᠦᠷᠡᠰᠢ ᠦᠭᠡᠢ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢ ᠴᠢᠬᠤᠯᠠ ᠶᠡᠭᠡ ᠤᠯᠤᠰ | ᠲᠦᠷᠦ ᠶᠢᠨ ᠡᠭᠦᠷᠭᠡ ᠪᠣᠯᠭᠠᠵᠤ᠂ ᠭᠤᠣᠯᠳᠠᠯᠭ᠎ᠠ ᠶᠢ ᠠᠳᠬᠤᠵᠤ᠂ ᠲᠠᠯᠪᠢᠬᠤ ᠦᠭᠡᠢ ᠠᠳᠬᠤᠵᠤ᠂ ᠨᠢᠭᠡ ᠠᠴᠠ | ᠵᠦᠢᠴᠢᠯᠡᠵᠦ ᠨᠦᠬᠦᠭᠡ ᠶᠢ ᠮᠡᠳᠡᠵᠦ᠂ ᠲᠦᠷᠢᠮ ᠲᠣᠭᠲᠠᠭᠠᠯ ᠲᠣᠭᠲᠠᠭᠠᠵᠤ᠂ ᠡᠯ᠎ᠡ ᠵᠦᠢᠯ ᠤᠨ ᠠᠰᠠᠭᠤᠳᠠᠯ ᠢ ᠦᠨᠡᠨᠬᠦ | ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠣᠭᠤᠷᠢᠭ ᠤᠨ ᠤᠳᠤᠷᠢᠳᠤᠯᠭ᠎ᠠ ᠪᠠ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠲᠡᠷᠡ ᠳᠠᠷᠤᠶ ᠳᠤᠨᠢ | ᠲᠤᠬᠠᠶ ᠶᠢᠨ ᠲᠠᠯᠠᠪᠤᠷ ᠲᠤ ᠬᠦᠷᠴᠦ ᠬᠢᠨᠠᠨ ᠬᠠᠷᠭᠤᠭᠤᠯᠵᠤ ᠰᠢᠢᠳᠪᠦᠷᠢᠯᠡᠨ᠂ ᠴᠡᠭᠴᠡᠯᠡᠨ ᠰᠠᠶᠢᠵᠢᠷᠠᠭᠤᠯᠬᠤ ᠲᠥᠰᠦᠯ | ᠵᠢᠴᠢ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠬᠠᠤᠯᠢ ᠲᠣᠭᠲᠠᠭᠠᠯ ᠶᠣᠰᠣᠭᠠᠷ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ | ᠬᠤᠤᠰ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠡ | ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠲᠣᠰ ᠤᠳᠠᠭᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠠᠢ ᠤᠶᠠᠯᠳᠤᠭᠤᠯᠤᠨ᠂ ᠠᠮᠢ ᠠᠬᠤᠶ ᠣᠷᠴᠢᠨ | ᠲᠣᠭᠤᠷᠢᠨ ᠤ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ | ᠬᠠᠶᠢᠷᠤᠪ ᠤᠨ ᠲᠣᠬᠤᠶ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ | ᠠᠮᠢ ᠠᠬᠤᠶ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠠᠢ᠃ | |