ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠤᠨ ᠦᠷ᠎ᠡ ᠪᠦᠲᠦᠮᠵᠢ ᠶᠢ ᠦᠨᠡᠯᠡᠬᠦ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2025/6/6
    ᠶᠡᠷᠦᠩᠬᠡᠢ ᠱᠦᠵᠢ  ᠰᠢ ᠶᠢᠨ ᠫᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠦᠨᠡᠨᠬᠦ ᠬᠠᠪᠰᠤᠷᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 30᠎ ᠤ ᠡᠳᠦᠷ ᠤᠨ ᠦᠳᠡ ᠶᠢᠨ ᠬᠤᠶᠢᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠦᠬᠠᠢ ᠶᠢᠨ ᠰᠢᠨ᠎ᠡ ᠶᠢ ᠡᠭᠦᠳᠦᠭᠴᠢ ᠶᠢᠨ ᠣᠷᠣᠨ ᠵᠠᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠤᠨ ᠠᠮᠵᠢᠯᠲᠠ ᠪᠦᠲᠦᠮᠵᠢ ᠶᠢ ᠦᠨᠡᠯᠡᠬᠦ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠪᠡ᠃
45407_1267x950.png   
    ᠲᠣᠰ ᠤᠳᠠᠭᠠᠨ ᠤ ᠪᠣᠯᠪᠠᠰᠤᠷᠠᠭᠤᠯᠤᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠵᠠᠷᠤᠳᠠᠯ ᠢ ᠴᠤᠭᠯᠠᠭᠤᠯᠬᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠭᠤᠤᠯ ᠠᠭᠤᠯᠭ᠎ᠠ ᠶᠢᠨ ᠲᠣᠭᠤᠷᠢᠨ ᠳᠤ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠲᠥᠷᠥᠯ ᠵᠦᠢᠯ ᠤᠨ ᠵᠠᠷᠤᠳᠠᠯ ᠢ ᠵᠦᠶ ᠵᠣᠬᠢᠰᠲᠠᠶ ᠬᠡᠷᠡᠭᠯᠡᠬᠦ ᠪᠠ ᠵᠢᠷᠤᠮᠵᠢᠭᠤᠯᠤᠨ ᠬᠠᠮᠢᠶᠠᠷᠤᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ ᠪᠠ ᠠᠷᠭ᠎ᠠ ᠶᠢ ᠡᠵᠡᠮᠰᠢᠭᠦᠯᠵᠦ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠲᠥᠷᠥᠯ ᠵᠦᠢᠯ ᠢ ᠬᠡᠷᠡᠭᠵᠢᠭᠦᠯᠬᠦ ᠦᠷ᠎ᠡ ᠪᠦᠲᠦᠮᠵᠢ ᠪᠠ ᠦᠷ᠎ᠡ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃
45408.png   
    ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠬᠥᠳᠡᠯᠦᠩᠭᠦᠶ ᠪᠠᠷ ᠳᠠᠭᠠᠬᠤ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠶᠢ ᠵᠢᠯᠣᠭᠤᠳᠤᠨ ᠴᠠᠭ ᠲᠤᠬᠠᠶ ᠳᠤᠨᠢ ᠠᠮᠵᠢᠯᠲᠠ ᠪᠦᠲᠦᠮᠵᠢ ᠶᠢᠨ ᠦᠨᠡᠯᠡᠯᠲᠡ ᠬᠢᠯᠭᠡᠵᠦ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ ᠮᠡᠳᠡᠭᠦᠯᠵᠦ᠂ ᠲᠤᠰᠬᠠᠶ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠵᠦᠢᠯ ᠤᠨ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠴᠠᠭ ᠬᠤᠭᠤᠴᠠᠭ᠎ᠠ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号