6 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ | ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠤᠷᠠᠯ ᠢ | ᠡᠷᠭᠢᠯᠡᠭᠰᠡᠨ ᠪᠥᠭᠡᠳ ᠰᠠᠬᠢᠯᠭ᠎ᠠ ᠪᠠᠲᠤ ᠣᠪᠣᠷ ᠰᠤᠷᠲᠠᠯ ᠤᠨ ᠨᠠᠮ ᠤᠨ ᠬᠢᠴᠢᠶᠡᠯ ᠣᠷᠣᠪᠠ᠃ ᠬᠤᠲᠠ ᠶᠢᠨ ᠨᠠᠮ ᠤᠨ | ᠬᠤᠷᠢᠶᠠᠨ ᠤ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠳᠠᠷᠤᠭ᠎ᠠ ᠢᠦᠶ ᠵᠢᠶᠠᠩ ᠵᠢᠴᠢ ᠲᠣᠭᠤᠷᠢᠭ ᠤᠨ ᠳᠥᠷᠪᠡᠨ | ᠶᠡᠭᠡ ᠤᠳᠤᠷᠢᠳᠬᠤ ᠪᠠᠭ ᠤᠨ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠤᠨ | ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ | ᠭᠦᠸᠧ ᠢ ᠵᠢᠶᠧ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠥᠷᠭᠡᠨ ᠤᠯᠠᠨ ᠨᠠᠮ ᠤᠨ | ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠴᠠᠭ ᠢᠮᠠᠭᠲᠠ ᠰᠡᠷᠡᠮᠵᠢ ᠶᠢᠨ ᠬᠤᠩᠬᠤ ᠶᠢ ᠪᠠᠶᠢᠩᠭᠤ | ᠳᠤᠤᠭᠠᠷᠭᠠᠵᠤ᠂ ᠪᠤᠰᠤᠳ ᠠᠴᠠ ᠡᠮᠢᠶᠡᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ | ᠦᠨᠡᠨᠬᠦ ᠣᠷᠭᠢᠯᠤᠮ᠎ᠠ ᠬᠠᠯᠠᠭᠤᠨ ᠤᠶᠤᠨ ᠰᠠᠨᠠᠭᠠᠨ ᠤ ᠳᠦᠷᠰᠦ ᠪᠠᠶᠢᠳᠠᠯ᠂ ᠰᠢᠯᠢᠳᠡᠭ ᠰᠠᠶᠢᠨ ᠠᠵᠢᠯ ᠤᠨ | ᠰᠤᠷᠲᠠᠯ ᠢᠶᠠᠷ ᠪᠦᠬᠦ ᠲᠤᠭᠤᠷᠢᠭ ᠤᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ᠂ ᠡᠯ᠎ᠡ ᠵᠦᠢᠯ ᠤᠨ | ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠶᠢ ᠲᠦᠷᠭᠡᠨ ᠠᠬᠢᠭᠤᠯᠬᠤ ᠬᠡᠷᠡᠭᠲᠡᠢ︔ ᠯᠠᠪᠳᠠᠭᠤᠨ ᠪᠠᠲᠤᠲᠠᠢ | ᠠᠵᠢᠯᠯᠠᠭ᠎ᠠ ᠪᠠᠷ ᠢᠶᠠᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ | ︽ᠰᠤᠷᠤᠯᠴᠠᠬᠤ ᠪᠠᠶᠢᠴᠠᠭᠠᠬᠤ ᠰᠠᠶᠢᠵᠢᠷᠠᠭᠤᠯᠬᠤ︾ ᠶᠢ ᠨᠢᠭᠡ ᠴᠤᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ | ᠲᠠᠯᠪᠢᠵᠤ᠂ ︽ᠰᠤᠷᠤᠯᠴᠠᠬᠤ︾ ᠶᠢ ᠴᠢᠨᠠᠷ ᠴᠢᠨᠰᠠᠭ᠎ᠠ ᠲᠠᠢ᠂ ︽ᠪᠠᠶᠢᠴᠠᠭᠠᠬᠤ︾ ᠶᠢ ᠡᠷᠴᠢᠮ ᠲᠠᠢ ᠠᠬᠢᠭᠤᠯᠬᠤ᠂ ︽ | ᠰᠠᠶᠢᠵᠢᠷᠠᠭᠤᠯᠬᠤ︾ ᠶᠢ ᠠᠮᠵᠢᠯᠲᠠ ᠪᠦᠲᠦᠮᠵᠢ ᠲᠠᠢ ᠪᠠᠶᠢᠯᠭᠠᠬᠤ ᠶᠢ ᠦᠡᠨᠡᠬᠦ ᠪᠠᠲᠤᠯᠠᠨ᠎ᠠ᠃ | ᠬᠡᠪ ᠰᠤᠷᠲᠠᠯ ᠢ ᠬᠤᠪᠢᠷᠠᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ | ᠲᠠᠶᠢᠴᠢᠯᠠᠵᠦ᠂ ᠥᠭᠡᠳᠡᠯᠡᠨ ᠲᠠᠪᠰᠢᠬᠤ ᠶᠢ ᠳᠠᠶᠢᠴᠢᠯᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ | ᠤᠯᠠᠨ ᠲᠦᠮᠡᠨ ᠳᠤ ᠦᠢᠯᠡᠴᠢᠯᠡᠬᠦ ᠬᠠᠷᠢᠭᠤᠴᠠᠯᠭ᠎ᠠ ᠡᠭᠦᠷᠭᠡᠯᠡᠯ ᠪᠣᠯᠭᠠᠨ ᠬᠤᠪᠢᠷᠠᠭᠤᠯᠬᠤ ᠬᠡᠷᠡᠭᠲᠡᠢ︔ ᠢᠮᠠᠭᠲᠠ | ᠲᠥᠪ ᠭᠤᠣᠯᠴᠢ ᠠᠷᠢᠭᠤᠨ ᠴᠢᠬᠡᠴᠢ ᠪᠠᠶᠢᠬᠤ ᠳᠡᠭᠡᠷ᠎ᠡ ᠬᠦᠴᠦ ᠲᠠᠯᠪᠢᠵᠤ᠂ ᠢᠯᠵᠢᠷᠡᠯ ᠢ ᠡᠰᠡᠷᠭᠦᠴᠡᠵᠦ | ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠥᠪᠡᠷ ᠢ ᠪᠠᠨ ᠰᠠᠶᠢᠲᠤᠷ ᠬᠠᠮᠢᠶᠠᠷᠴᠤ᠂ | ᠳᠡᠷᠭᠡᠳᠡᠬᠢ ᠶᠠᠪᠤᠯᠴᠠᠭ᠎ᠠ ᠪᠠᠨ ᠰᠠᠶᠢᠲᠤᠷ ᠰᠠᠬᠢᠵᠤ᠂ ᠠᠮᠢᠳᠤᠷᠠᠯ ᠤᠨ ᠬᠦᠷᠢᠶ᠎ᠡ ᠪᠠᠨ ᠰᠠᠶᠢᠲᠤᠷ ᠰᠠᠬᠢᠬᠤ ᠬᠡᠷᠡᠭᠲᠡᠢ︔ | ᠰᠤᠷᠤᠯᠴᠠᠯᠭ᠎ᠠ ᠬᠥᠮᠦᠵᠢᠯ ᠤᠨ ᠰᠢᠨ᠎ᠡ ᠦᠷ᠎ᠡ ᠪᠦᠲᠦᠮᠵᠢ ᠪᠠᠷ ᠨᠠᠮ ᠤᠨ ᠪᠠᠶᠢᠭᠤᠯᠤᠯᠲᠠ ᠪᠣᠯᠤᠨ ᠠᠵᠤ ᠠᠬᠤᠢ | ᠨᠡᠶᠢᠭᠡᠮ ᠤᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠵᠤ᠂ ᠨᠠᠮᠴᠢ ᠴᠢᠨᠠᠷ ᠤᠨ ᠳᠠᠪᠲᠠᠯᠲᠠ ᠶᠢ ᠴᠢᠩᠭᠠᠳᠬᠠᠵᠤ᠂ | ᠦᠵᠡᠯ ᠰᠠᠨᠠᠭᠠᠨ ᠤ ᠤᠬᠠᠮᠰᠠᠷ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ︔ ᠵᠣᠷᠢᠯᠲᠠ ᠶᠢᠨ | ᠤᠬᠠᠮᠰᠠᠷ ᠢ ᠪᠠᠲᠤ ᠪᠤᠢ ᠪᠣᠯᠭᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ | ᠶᠠᠪᠤᠳᠠᠯ ᠢ ᠰᠢᠢᠳᠪᠦᠷᠢᠯᠡᠬᠦ ᠬᠡᠷᠡᠭᠲᠡᠢ︔ ᠵᠣᠷᠢᠭᠲᠠᠢ ᠪᠠᠷ ᠬᠠᠷᠢᠭᠤᠴᠠᠯᠭᠠᠡᠭᠦᠷᠭᠡᠯᠡᠨ ᠠᠵᠢᠯ ᠶᠠᠪᠤᠳᠠᠯ ᠬᠢᠵᠦ᠂ ᠠᠵᠤ | ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠤ ᠬᠡᠯᠡᠪᠡ᠃ | |