ᠵᠣᠨ ᠤ ᠤᠯᠠᠷᠢᠯ ᠳᠤ᠂ ᠦᠷᠭᠦᠯᠵᠢᠯᠡᠭᠰᠡᠨ ᠥᠨᠳᠥᠷ ᠳᠤᠯᠠᠭᠠᠨ ᠠᠭᠤᠷ ᠠᠮᠢᠰᠬᠤᠯ ᠨᠢ ᠬᠡᠪᠴᠢᠶᠡᠵᠢᠭᠦᠯᠦᠭᠰᠡᠨ | ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠲᠦᠢᠯ ᠤᠨ ᠠᠰᠢᠭ ᠦᠭᠡᠢ ᠪᠠᠶᠢᠳᠠᠭ᠃ ᠥᠨᠳᠥᠷ ᠳᠤᠯᠠᠭᠠᠨ ᠨᠢ ᠮᠠᠯ | ᠵᠢᠭᠦᠷᠲᠡᠨ ᠤ ᠬᠠᠯᠠᠭᠤᠨ ᠤ ᠰᠡᠷᠡᠯᠵᠢᠯ ᠢ ᠡᠭᠦᠰᠬᠡᠵᠦ᠂ ᠥᠰᠦᠯᠲᠡ ᠨᠢ ᠮᠡᠳᠡᠭᠳᠡᠮ᠎ᠡ ᠤᠳᠠᠭᠠᠰᠢᠷᠠᠵᠤ᠂ ᠢᠳᠡᠰᠢᠯᠡᠬᠦ | ᠬᠡᠮᠵᠢᠶ᠎ᠡ ᠨᠢ ᠪᠠᠭᠠᠰᠴᠤ᠂ ᠦᠢᠯᠡᠳᠪᠦᠷᠢᠯᠡᠬᠦ ᠴᠢᠳᠠᠪᠤᠷᠢ ᠨᠢ ᠪᠠᠭᠤᠷᠠᠬᠤ ᠵᠡᠷᠭᠡ ᠦᠵᠡᠭᠳᠡᠯ ᠭᠠᠷᠴᠤ᠂ ᠪᠠᠰᠠ | ᠠᠮᠢᠲᠠᠨ ᠤ ᠡᠭᠡᠯᠢᠯᠡᠬᠦ ᠴᠢᠳᠠᠪᠤᠷᠢ ᠶᠢ ᠪᠠᠭᠤᠷᠠᠭᠤᠯᠤᠨ᠂ ᠡᠯ᠎ᠡ ᠵᠦᠢᠯ ᠤᠨ ᠬᠠᠯᠳᠠᠪᠤᠷᠢᠲᠤ ᠴᠢᠨᠠᠷᠲᠠᠢ᠂ ᠦᠷᠡᠵᠢᠯ ᠤᠨ | ᠰᠠᠭᠠᠲᠠᠯ ᠤᠨ ᠴᠢᠨᠠᠷᠲᠠᠢ ᠡᠪᠡᠳᠴᠢᠨ ᠳᠤ ᠲᠦᠢᠯ ᠤᠨ ᠠᠮᠠᠷᠬᠠᠨ ᠨᠡᠷᠪᠡᠭᠳᠡᠵᠦ᠂ ᠴᠢᠨᠠᠭᠰᠢᠯᠠᠭᠠᠳ ᠬᠠᠯᠠᠭᠤᠨ | ᠰᠠᠴᠤᠷᠠᠯᠲᠠ ᠶᠢᠨ ᠡᠪᠡᠳᠴᠢᠨ ᠢᠶᠠᠷ ᠦᠬᠦᠳᠡᠭ᠃ ᠬᠠᠯᠠᠭᠤᠨ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ | ᠠᠵᠢᠯ ᠢ ᠰᠠᠶᠢᠲᠤᠷ ᠬᠢᠬᠦ ᠬᠡᠷᠡᠭᠲᠡᠢ᠃ ᠬᠠᠰᠢᠶ᠎ᠠ ᠰᠠᠷᠠᠪᠴᠢᠨ ᠳᠣᠲᠣᠷᠠᠬᠢ ᠤᠰᠤᠨ ᠬᠥᠰᠢᠭᠡ᠂ ᠰᠠᠯᠬᠢᠨ ᠰᠡᠩᠰᠡ | ᠵᠡᠷᠭᠡ ᠲᠥᠬᠦᠭᠡᠷᠦᠮᠵᠢ ᠶᠢ ᠰᠡᠯᠪᠢᠨ ᠵᠠᠰᠠᠵᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠲᠡᠭᠦᠨ ᠤ ᠬᠡᠪ ᠤᠨ | ᠶᠣᠰᠣᠭᠠᠷ ᠠᠵᠢᠯᠯᠠᠬᠤ ᠶᠢ ᠪᠠᠲᠤᠯᠠᠬᠤ ᠬᠡᠷᠡᠭᠲᠡᠢ︔ ᠦᠳᠡ ᠳᠤ ᠬᠠᠰᠢᠶ᠎ᠠ ᠰᠠᠷᠠᠪᠴᠢᠨ ᠳᠣᠲᠣᠷᠠᠬᠢ ᠠᠭᠠᠷ ᠬᠠᠭᠤᠷᠠᠢ | ᠦᠶ᠎ᠡ ᠳᠤ᠂ ᠭᠠᠵᠠᠷ ᠤᠨ ᠭᠠᠳᠠᠷᠭᠤ ᠪᠠ ᠮᠠᠯ ᠤᠨ ᠪᠡᠶ᠎ᠡ ᠳᠤ ᠪᠠᠭ᠎ᠠ ᠬᠡᠮᠵᠢᠶᠡᠨ ᠤ ᠤᠰᠤ ᠶᠢ ᠮᠠᠨᠠᠨᠵᠢᠭᠤᠯᠣᠨ | ᠰᠦᠷᠴᠢᠵᠦ ᠪᠣᠯᠣᠨ᠎ᠠ᠂ ᠭᠡᠬᠦ ᠳᠡᠭᠡᠨ ᠶᠠᠭᠠᠬᠢᠭᠰᠠᠨ ᠴᠦ ᠰᠢᠭᠤᠳ ᠪᠤᠶᠤ ᠣᠷᠳᠣ ᠬᠤᠭᠤᠴᠠᠭ᠎ᠠ ᠪᠠᠷ ᠮᠠᠯ | ᠵᠢᠭᠦᠷᠲᠡᠨ ᠳᠤ ᠤᠰᠤ ᠰᠦᠷᠴᠢᠵᠦ ᠬᠠᠯᠠᠭᠤᠨ ᠢ ᠨᠢ ᠪᠠᠭᠤᠷᠠᠭᠤᠯᠵᠤ ᠪᠣᠯᠬᠤ ᠦᠭᠡᠢ᠃ ᠨᠡᠷᠡᠨ ᠤ ᠭᠡᠷᠡᠯ ᠤᠨ | ᠰᠠᠴᠤᠷᠠᠭ ᠠᠴᠠ ᠵᠠᠶᠢᠯᠠᠭᠤᠯᠬᠤ ᠬᠡᠷᠡᠭᠲᠡᠢ᠃ ᠮᠠᠯ ᠵᠢᠭᠦᠷᠲᠡᠨ ᠤ ᠬᠠᠰᠢᠶ᠎ᠠ ᠰᠠᠷᠠᠪᠴᠢ ᠶᠢᠨ ᠡᠷᠬᠢᠨ ᠲᠣᠭᠤᠷᠢᠨ ᠳᠤ | ᠡᠪᠡᠰᠦ ᠪᠣᠷᠳᠤᠭ᠎ᠠ᠂ ᠲᠠᠷᠢᠮᠠᠯ᠂ ᠣᠶ ᠮᠣᠳᠣ ᠳᠠᠷᠢᠵᠤ᠂ ᠣᠷᠣᠢ ᠶᠢᠨ ᠬᠡᠰᠡᠭ ᠲᠤᠨᠢ ᠨᠠᠷᠠ ᠬᠠᠯᠬᠠᠯᠠᠬᠤ ᠲᠣᠣᠷ | ᠲᠠᠯᠪᠢᠬᠤ᠂ ᠢᠯᠴᠢ ᠬᠥᠨᠳᠡᠶᠢᠷᠡᠭᠦᠯᠬᠦ ᠮᠠᠲ᠋ᠧᠷᠢᠶᠠᠯ ᠢ ᠪᠦᠷᠬᠦᠬᠦ ᠵᠡᠷᠭᠡ ᠠᠷᠭ᠎ᠠ ᠪᠠᠷᠢᠯ ᠢ ᠬᠡᠷᠡᠭᠯᠡᠨ᠂ ᠮᠠᠯ ᠤᠨ ᠬᠠᠰᠢᠶ᠎ᠠ | ᠰᠠᠷᠠᠪᠴᠢ ᠶᠢᠨ ᠨᠡᠷᠡᠨ ᠤ ᠢᠯᠴᠢ ᠶᠢᠨ ᠰᠠᠴᠤᠷᠠᠭ ᠢ ᠰᠢᠩᠭᠡᠬᠡᠨ ᠠᠪᠬᠤ ᠶᠢ ᠪᠠᠭᠠᠰᠬᠠᠵᠤ᠂ ᠪᠦᠬᠦ᠋ᠢᠯᠡ ᠣᠷᠴᠢᠨ | ᠲᠣᠭᠤᠷᠢᠨ ᠤ ᠳᠤᠯᠠᠭᠠᠨ ᠤ ᠬᠡᠮᠵᠢᠶ᠎ᠡ ᠶᠢ ᠪᠠᠭᠤᠷᠠᠭᠤᠯᠤᠨ᠎ᠠ᠃ ᠲᠡᠵᠢᠭᠡᠪᠦᠷᠢ ᠶᠢᠨ ᠨᠢᠭᠲᠠᠴᠠ ᠶᠢ ᠵᠣᠬᠢᠰᠲᠠᠢ ᠪᠠᠷ | ᠪᠠᠭᠤᠷᠠᠭᠤᠯᠬᠤ ᠬᠡᠷᠡᠭᠲᠡᠢ᠃ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠳᠤ᠂ ᠨᠢᠭᠡᠴᠢ ᠲᠠᠯᠠᠪᠠᠶ ᠶᠢᠨ ᠳᠣᠲᠣᠷᠠᠬᠢ | ᠮᠠᠯ ᠵᠢᠭᠦᠷᠲᠡᠨ ᠤ ᠰᠦᠷᠦᠭᠵᠢᠯ ᠤᠨ ᠲᠤᠭ᠎ᠠ ᠬᠡᠮᠵᠢᠶ᠎ᠡ ᠨᠢ ᠶᠡᠭᠡ᠂ ᠨᠢᠭᠲᠠᠴᠠ ᠨᠢ ᠥᠨᠳᠥᠷ ᠪᠣᠯᠬᠤᠷ ᠲᠣᠰ ᠪᠡᠶ᠎ᠡ ᠨᠢ | ᠶᠡᠭᠡ ᠬᠡᠮᠵᠢᠶᠡᠨ ᠤ ᠰᠠᠴᠤᠷᠠᠯᠲᠠ ᠶᠢᠨ ᠢᠯᠴᠢ ᠡᠭᠦᠰᠬᠡᠵᠦ᠂ ᠭᠠᠳᠠᠭᠠᠳᠤ ᠣᠷᠴᠢᠨ ᠲᠣᠭᠤᠷᠢᠨ ᠤ ᠳᠤᠯᠠᠭᠠᠨ ᠤ | ᠬᠡᠮᠵᠢᠶ᠎ᠡ ᠲᠠᠢ ᠳᠠᠪᠬᠤᠴᠠᠬᠤ ᠦᠢᠯᠡᠳᠦᠯ ᠭᠠᠷᠭᠠᠵᠤ᠂ ᠢᠯᠴᠢ ᠶᠢᠨ ᠰᠡᠷᠡᠯᠵᠢᠯ ᠤᠨ ᠪᠣᠯᠣᠮᠵᠢ ᠶᠢ ᠨᠡᠮᠡᠭᠳᠡᠭᠦᠯᠬᠦ | ᠪᠣᠯᠣᠨ᠎ᠠ᠃ ᠡᠶᠢᠮᠦ ᠠᠴᠠ ᠲᠡᠵᠢᠭᠡᠪᠦᠷᠢ ᠶᠢᠨ ᠨᠢᠭᠲᠠᠴᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠤ᠂ ᠮᠠᠯ | ᠵᠢᠭᠦᠷᠲᠡᠨ ᠳᠤ ᠨᠡᠯᠢᠶᠡᠳ ᠲᠠᠭᠠᠯᠠᠮᠵᠢᠲᠠᠢ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ | ᠬᠡᠷᠡᠭᠲᠡᠢ᠃ ᠭᠦᠢᠴᠡᠳ ᠴᠡᠪᠡᠷ ᠤᠰᠤ ᠬᠠᠩᠭᠠᠵᠤ ᠥᠭᠬᠦ ᠬᠡᠷᠡᠭᠲᠡᠢ᠃ ᠥᠨᠳᠥᠷ ᠳᠤᠯᠠᠭᠠᠨ ᠤ ᠤᠯᠠᠷᠢᠯ ᠳᠤ ᠮᠠᠯ | ᠵᠢᠭᠦᠷᠲᠡᠨ ᠤ ᠤᠤᠭᠤᠬᠤ ᠤᠰᠤᠨ ᠤ ᠬᠡᠮᠵᠢᠶ᠎ᠡ ᠯᠠᠪᠲᠠᠢ ᠶᠡᠭᠡ ᠪᠠᠷ ᠨᠡᠮᠡᠭᠳᠡᠵᠦ᠂ ᠤᠤᠭᠤᠬᠤ ᠤᠰᠤᠨ ᠤ ᠬᠡᠮᠵᠢᠶ᠎ᠡ | ᠬᠦᠷᠦᠯᠴᠡᠬᠦ ᠦᠭᠡᠢ ᠪᠣᠯ ᠮᠠᠯ ᠵᠢᠭᠦᠷᠲᠡᠨ ᠤ ᠦᠢᠯᠡᠳᠪᠦᠷᠢᠯᠡᠯ ᠪᠠ ᠡᠷᠡᠭᠦᠯ ᠮᠡᠨᠳᠦ ᠶᠢ ᠰᠢᠭᠤᠳ ᠨᠥᠯᠥᠭᠡᠯᠡᠬᠦ | ᠪᠣᠯᠣᠨ᠎ᠠ᠃ ᠢᠯᠠᠩᠭᠤᠶ᠎ᠠ ᠰᠠᠭᠠᠯᠢ ᠶᠢᠨ ᠦᠨᠢᠶ᠎ᠡ ᠪᠠ ᠬᠥᠬᠦᠭᠦᠯ ᠡᠬᠡ ᠮᠠᠯ ᠤᠨ ᠠᠷᠢᠭᠤᠨ ᠴᠡᠪᠡᠷ ᠤᠰᠤ ᠤᠮᠳᠠ ᠶᠢᠨ | ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠤᠤᠭᠤᠬᠤ ᠤᠰᠤᠨ ᠳᠤᠨᠢ ᠳᠠᠪᠤᠰᠤ᠂ ᠾᠯᠣᠷᠲᠤ ᠺᠠᠯᠢ᠂ | ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠨᠠᠳ᠋ᠷᠢ ᠵᠡᠷᠭᠡ ᠴᠠᠬᠢᠯᠭᠠᠨ ᠵᠠᠳᠠᠯᠤᠭᠳᠠᠬᠤᠨ ᠢ ᠵᠣᠬᠢᠬᠤ ᠬᠡᠮᠵᠢᠶ᠎ᠡ ᠪᠠᠷ | ᠨᠥᠬᠦᠪᠦᠷᠢᠯᠡᠵᠦ ᠪᠣᠯᠣᠨ᠎ᠠ᠃ ᠲᠡᠵᠢᠭᠡᠯ ᠪᠣᠷᠳᠤᠭ᠎ᠠ ᠶᠢᠨ ᠨᠠᠶᠢᠷᠠᠯᠭ᠎ᠠ ᠶᠢ ᠵᠣᠬᠢᠰᠲᠠᠢ ᠲᠣᠬᠢᠷᠠᠭᠤᠯᠬᠤ ᠬᠡᠷᠡᠭᠲᠡᠢ᠃ | ᠥᠨᠳᠥᠷ ᠡᠨᠧᠷᠭᠢᠲᠦ ᠥᠭᠡᠬᠦᠨ ᠤ ᠲᠦᠷᠦᠯ ᠤᠨ ᠲᠡᠵᠢᠭᠡᠯ ᠪᠣᠷᠳᠣᠭᠠᠨ ᠤ ᠬᠠᠷᠢᠴᠠᠯ ᠢ ᠵᠣᠬᠢᠰᠲᠠᠢ ᠪᠠᠷ ᠪᠠᠭᠠᠰᠬᠠᠵᠤ᠂ | ᠰᠢᠩᠭᠡᠭᠡᠬᠦ ᠳᠤ ᠠᠮᠠᠷᠬᠠᠨ᠂ ᠢᠳᠡᠬᠦ ᠳᠤ ᠲᠣᠬᠢᠷᠠᠮᠵᠢᠲᠠᠢ ᠲᠡᠵᠢᠭᠡᠯ ᠪᠣᠷᠳᠣᠭᠠᠨ ᠤ ᠬᠠᠷᠢᠴᠠᠯ ᠢ ᠨᠡᠮᠡᠭᠳᠡᠭᠦᠯᠦᠨ᠎ᠡ︔ | ᠴᠠᠭ ᠲᠤᠬᠠᠢ ᠳᠤᠨᠢ ᠠᠵᠢᠯᠯᠠᠵᠤ ᠠᠮᠠᠷᠠᠬᠤ ᠴᠠᠭ ᠢᠶᠠᠨ ᠲᠣᠬᠢᠷᠠᠭᠤᠯᠵᠤ᠂ ᠪᠠᠭ᠎ᠠ ᠬᠡᠮᠵᠢᠶ᠎ᠡ ᠪᠠᠷ ᠣᠯᠠᠨ ᠤᠳᠠᠭ᠎ᠠ | ᠲᠡᠵᠢᠭᠡᠬᠦ᠂ ᠣᠷᠣᠢ ᠳᠤ ᠪᠠᠨ ᠨᠡᠮᠡᠵᠦ ᠲᠡᠵᠢᠭᠡᠬᠦ ᠵᠠᠷᠴᠢᠮ ᠶᠣᠰᠣᠭᠠᠷ᠂ ᠥᠷᠯᠥᠭᠡ ᠦᠳᠡᠰᠢ ᠶᠢᠨ ᠦᠶ᠎ᠡ ᠪᠠᠷ | ᠲᠡᠵᠢᠭᠡᠵᠦ᠂ ᠦᠳᠡ ᠶᠢᠨ ᠬᠠᠯᠠᠭᠤᠨ ᠳᠤ ᠲᠡᠵᠢᠭᠡᠬᠦ ᠬᠡᠮᠵᠢᠶ᠎ᠡ ᠪᠠᠨ ᠪᠠᠭᠠᠰᠬᠠᠨ᠎ᠠ᠃ ᠬᠢᠵᠢᠭ ᠡᠪᠡᠳᠴᠢᠨ ᠢ | ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠬᠡᠷᠡᠭᠲᠡᠢ᠃ ᠵᠣᠨ ᠤ ᠤᠯᠠᠷᠢᠯ ᠤᠨ ᠥᠨᠳᠥᠷ ᠳᠤᠯᠠᠭᠠᠨ ᠠᠭᠤᠷ | ᠠᠮᠢᠰᠬᠤᠯ ᠳᠤ᠂ ᠮᠠᠯ ᠵᠢᠭᠦᠷᠲᠡᠨ ᠤ ᠪᠠᠭᠠᠰᠤ ᠰᠢᠭᠡᠰᠦᠨ ᠤ ᠬᠤᠣᠷᠲᠤ ᠬᠡᠢ ᠪᠡᠶᠡᠲᠦ ᠶᠢᠨ ᠲᠠᠷᠬᠠᠯᠲᠠ ᠨᠢ ᠨᠠᠩ | ᠲᠦᠷᠭᠡᠨ ᠪᠠᠶᠢᠵᠤ᠂ ᠢᠯᠠᠭ᠎ᠠ ᠪᠠᠲᠠᠭᠠᠨ᠎ᠠ ᠦᠷᠡᠵᠢᠳᠡᠭ ᠪᠣᠯᠬᠤᠷ ᠡᠷᠬᠡᠪᠰᠢ ᠴᠠᠭ ᠲᠤᠬᠠᠢ ᠳᠤᠨᠢ ᠪᠠᠭᠠᠰᠤ | ᠰᠢᠭᠡᠰᠦ ᠶᠢ ᠨᠢ ᠴᠡᠪᠡᠷᠯᠡᠵᠦ᠂ ᠢᠯᠠᠭ᠎ᠠ ᠬᠤᠯᠤᠭᠠᠨ᠎ᠠ ᠶᠢ ᠤᠰᠠᠳᠬᠠᠬᠤ ᠬᠡᠷᠡᠭᠲᠡᠢ᠃ ᠡᠭᠦᠨ ᠤ ᠬᠠᠮᠲᠤ ᠲᠣᠭᠲᠠᠮᠠᠯ | ᠬᠤᠭᠤᠴᠠᠭ᠎ᠠ ᠲᠠᠢ ᠪᠠᠷ ᠬᠠᠰᠢᠶ᠎ᠠ ᠰᠠᠷᠠᠪᠴᠢ᠂ ᠲᠠᠯᠠᠪᠠᠢ ᠶᠢᠨ ᠳᠣᠲᠣᠷᠠᠬᠢ ᠣᠷᠴᠢᠨ ᠲᠣᠭᠤᠷᠢᠨ ᠢ ᠴᠡᠪᠡᠷᠯᠡᠨ | ᠠᠷᠢᠭᠤᠳᠬᠠᠬᠤ ᠠᠵᠢᠯ ᠢ ᠰᠠᠶᠢᠲᠤᠷ ᠬᠢᠵᠦ᠂ ᠬᠢᠵᠢᠭ ᠦᠭᠡᠢ ᠲᠡᠵᠢᠭᠡᠨ ᠠᠷᠠᠴᠢᠯᠠᠬᠤ ᠠᠷᠢᠭᠤᠨ ᠴᠡᠪᠡᠷ ᠣᠷᠴᠢᠨ | ᠲᠣᠭᠤᠷᠢᠨ ᠢ ᠪᠠᠲᠤᠯᠠᠬᠤ ᠬᠡᠷᠡᠭᠲᠡᠢ᠃ |